ᠮᠠᠨ ᠤ ᠬᠤᠲᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠤᠨ ᠠᠶᠤᠯᠭᠦᠢ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/5/16
      ︵ᠰᠤᠷᠪᠤᠯᠵᠢᠯᠠᠭᠴᠢ ᠴᠢ ᠰᠢᠶᠣᠣ ᠶᠠᠨ︶ ᠡᠮ ᠲᠠᠩ ᠬᠡᠷᠡᠭᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠥᠬᠦ ᠬᠤᠲᠠ ᠶᠢᠨ ᠠᠷᠠᠳ ᠲᠦᠮᠡᠨ ᠤ ᠡᠮ ᠬᠡᠷᠡᠭᠯᠡᠬᠦ ᠠᠶᠤᠯᠭᠦᠢ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠢᠶᠠᠨ ︵ᠲᠣᠭᠤᠷᠢᠭ︶᠂ ᠰᠢᠶᠠᠩ ︵ᠪᠠᠯᠭᠠᠰᠤ︶ ᠤᠨ ᠱᠠᠲᠤᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠤᠨ ᠬᠡᠷᠡᠭᠯᠡᠯᠲᠡ ᠳᠤ ᠲᠤᠰᠬᠠᠢ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ᠃      ᠰᠢᠮᠳᠠᠭᠤᠯᠤᠨ ᠪᠠᠶᠢᠴᠠᠭᠠᠬᠤ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠠᠷᠴᠢᠮ ᠢ ᠪᠠᠷᠢᠮᠲᠠᠯᠠᠵᠤ᠂ ᠦᠨᠳᠦᠰᠦᠨ ᠱᠠᠲᠤᠨ ᠳᠤ ᠰᠢᠭᠤᠳ ᠬᠦᠷᠴᠦ᠂ ᠲᠤᠬᠠᠢ ᠶᠢᠨ ᠲᠠᠯᠠᠪᠤᠷ ᠲᠤ ᠰᠢᠭᠤᠳ ᠣᠷᠣᠬᠤ ᠠᠷᠭ᠎ᠠ ᠮᠠᠶ᠋ᠢᠭ ᠢ ᠠᠪᠴᠤ᠂ ᠰᠢᠶᠠᠩ ᠪᠠᠯᠭᠠᠰᠤ ᠵᠢᠴᠢ ᠬᠤᠲᠠ ᠬᠥᠳᠡᠭᠡ ᠶᠢᠨ ᠠᠭᠤᠯᠵᠠᠷ ᠭᠠᠵᠠᠷ ᠵᠡᠷᠭᠡ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠣᠷᠣᠭᠤᠯᠬᠤ ᠳᠠᠭᠠᠨ ᠰᠢᠯᠭᠠᠨ ᠠᠪᠬᠤ᠂ ᠬᠠᠳᠠᠭᠠᠯᠠᠵᠤ ᠠᠷᠠᠴᠢᠯᠠᠨ ᠬᠠᠮᠠᠭᠠᠯᠠᠬᠤ᠂ ᠲᠣᠬᠢᠷᠠᠭᠤᠯᠤᠨ ᠬᠡᠷᠡᠭᠯᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠭᠰᠡᠳ ᠤᠨ ᠬᠠᠮᠢᠶᠠᠷᠤᠯᠲᠠ ᠨᠢ ᠪᠣᠳᠠᠲᠠᠶᠢᠵᠢᠭᠰᠠᠨ ᠦᠭᠡᠢ᠂ ᠡᠮ ᠤᠨ ᠵᠦᠢᠯ ᠤᠨ ᠶᠠᠰᠤ ᠴᠢᠨᠠᠷ ᠤᠨ ᠬᠠᠮᠢᠶᠠᠷᠤᠯᠲᠠ ᠨᠢ ᠵᠢᠷᠤᠮᠵᠢᠯ ᠦᠭᠡᠢ ᠵᠡᠷᠭᠡ ᠬᠠᠮᠢᠶᠠᠷᠤᠯᠲᠠ ᠶᠢᠨ ᠲᠦᠭᠰᠢᠭᠦᠷᠢ ᠪᠠ ᠠᠰᠠᠭᠤᠳᠠᠯ ᠢ ᠳᠠᠷᠤᠶᠢᠬᠠᠨ ᠵᠠᠯᠠᠷᠠᠭᠤᠯᠬᠤ ᠶᠢ ᠱᠠᠭᠠᠷᠳᠠᠬᠤ ᠶᠢᠨ ᠬᠠᠮᠲᠤ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠳᠡᠵᠦ ᠬᠢᠨᠠᠯᠲᠠ ᠲᠠᠯᠪᠢᠨ ᠨᠠᠶᠢᠳᠠᠪᠤᠷᠢᠵᠢᠭᠤᠯᠬᠤ ᠶᠢ ᠱᠠᠭᠠᠷᠳᠠᠵᠠᠢ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠣᠷᠣᠭᠤᠯᠬᠤ ᠠᠷᠭ᠎ᠠ ᠵᠠᠮ ᠤᠨ ᠬᠠᠤᠯᠢ ᠶᠣᠰᠣᠨ ᠳᠤ ᠨᠡᠶᠢᠴᠡᠬᠦ᠂ ᠬᠠᠳᠠᠭᠠᠯᠠᠬᠤ ᠨᠥᠬᠦᠴᠡᠯ ᠨᠢ ᠲᠣᠭᠲᠠᠭᠠᠯ ᠳᠤ ᠨᠡᠶᠢᠴᠡᠬᠦ᠂ ᠫᠢᠶᠣᠣ ᠪᠠᠷᠢᠮᠲᠠ ᠶᠢᠨ ᠲᠡᠮᠳᠡᠭᠯᠡᠯ ᠨᠢ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠮ ᠤᠨ ᠵᠦᠢᠯ ᠢ ᠬᠡᠷᠡᠭᠯᠡᠬᠦ ᠵᠠᠩᠭᠢᠯᠠᠭ᠎ᠠ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠦᠷᠭᠦᠯᠵᠢᠯᠡᠨ ᠪᠠᠶᠢᠴᠠᠭᠠᠨ ᠠᠷᠢᠯᠭᠠᠵᠤ᠂ ᠬᠤᠳᠠᠯᠳᠤᠨ ᠠᠪᠬᠤ᠂ ᠰᠢᠯᠭᠠᠨ ᠠᠪᠬᠤ᠂ ᠬᠠᠳᠠᠭᠠᠯᠠᠬᠤ ᠵᠠᠩᠭᠢᠯᠠᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号