ᠾᠧ ᠬᠠᠢ ᠳ᠋ᠦᠩ ᠪᠡᠭᠡᠵᠢᠩ ᠬᠤᠳᠠ ᠳᠤ ᠬᠦᠷᠴᠦ ᠳᠤᠮᠳᠠᠳᠤ ᠤᠯᠤᠰ ᠤᠨ ᠨᠡᠭᠦᠷᠡᠰᠦᠨ ᠤ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠢ ᠰᠤᠷᠪᠤᠯᠵᠢᠯᠠᠵᠤ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠵᠦ ᠵᠣᠯᠭᠠᠭᠤᠯᠪᠠ
ᠨᠡᠶᠢᠲᠡᠯᠡᠭᠰᠡᠨ ᠴᠠᠭ᠄
2023/5/17
       ︵ᠰᠤᠷᠪᠤᠯᠵᠢᠯᠠᠭᠴᠢ ᠯᠢᠶᠠᠩ ᠵᠢᠩ ᠱᠸ︶ 5 ᠳ᠋ᠤᠭᠠᠷ ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠪᠦᠯᠬᠦᠮ ᠳᠠᠭᠠᠭᠤᠯᠤᠨ ᠪᠡᠭᠡᠵᠢᠩ ᠬᠤᠳᠠ ᠳᠤ ᠬᠦᠷᠴᠦ ᠳᠤᠮᠳᠠᠳᠤ ᠤᠯᠤᠰ ᠤᠨ ᠨᠡᠭᠦᠷᠡᠰᠦᠨ ᠤ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠢ ᠰᠤᠷᠪᠤᠯᠵᠢᠯᠠᠵᠤ᠂ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠬᠤ᠋ ᠱᠠᠨ ᠲᠢᠩ ᠲᠠᠢ ᠰᠠᠭᠤᠳᠠᠯ ᠤᠨ ᠬᠤᠷᠠᠯ ᠬᠢᠵᠦ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠵᠦ ᠵᠣᠯᠭᠠᠭᠤᠯᠪᠠ᠃      ᠰᠠᠭᠤᠳᠠᠯ ᠤᠨ ᠬᠤᠷᠠᠯ ᠳᠡᠭᠡᠷ᠎ᠡ᠂ ᠾᠧ ᠬᠠᠢ ᠳ᠋ᠦᠩ ᠬᠥᠬᠡᠬᠤᠲᠠ ᠶᠢᠨ ᠭᠤᠣᠯᠳᠠᠯᠭ᠎ᠠ ᠲᠠᠢ ᠪᠣᠶᠢᠵᠢᠭᠤᠯᠤᠭᠰᠠᠨ ᠰᠦ ᠶᠢᠨ ᠦᠢᠯᠡᠰ᠂ ᠲᠣᠮᠣ ᠳ᠋ᠠᠶᠢᠲ᠋ᠠ᠂ ᠴᠠᠬᠢᠭᠤᠷ ᠤᠨ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠠᠷᠢᠭᠤᠨ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠡᠵᠡᠩᠨᠡᠯᠲᠡ ᠶᠢᠨ ᠣᠷᠴᠢᠨ ᠨᠥᠬᠦᠴᠡᠯ ᠲᠠᠰᠤᠷᠠᠯᠲᠠ ᠦᠭᠡᠢ ᠰᠢᠯᠢᠳᠡᠭᠵᠢᠵᠦ᠂ ᠬᠥᠭᠵᠢᠯᠲᠡ ᠶᠢᠨ ᠬᠠᠨᠳᠤᠰᠢ ᠤᠯᠠᠮ ᠠᠴᠠ ᠤᠯᠠᠮ ᠰᠠᠶᠢᠵᠢᠷᠠᠵᠤ᠂ ᠳᠠᠯᠳᠠ ᠬᠦᠴᠦᠨ ᠮᠠᠰᠢ ᠶᠡᠭᠡ᠂ ᠢᠷᠡᠭᠡᠳᠦᠢ ᠶᠢᠨ ᠠᠵᠠ ᠲᠣᠬᠢᠶᠠᠯ ᠬᠢᠵᠠᠭᠠᠯᠠᠰᠢ ᠦᠭᠡᠢ ᠪᠠᠶᠢᠨ᠎ᠠ᠃ ᠣᠳᠣᠬᠠᠨ ᠳᠤ᠂ ᠬᠥᠬᠡᠬᠤᠲᠠ ᠶᠠᠭ ᠬᠤᠲᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠨᠡᠭᠦᠷᠡᠰᠦᠨ ᠤ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠲᠠᠢ ᠰᠤᠳᠤᠯᠭᠠᠨ ᠤ ᠬᠦᠷᠢᠶᠡᠯᠡᠩ᠂ ᠣᠷᠣᠨ ᠪᠦᠰᠡ ᠶᠢᠨ ᠶᠡᠷᠦᠩᠬᠡᠢ ᠬᠡᠯᠲᠡᠰ ᠪᠠᠶᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠡᠢ᠃      ᠬᠤ᠋ ᠱᠠᠨ ᠲᠢᠩ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ ᠵᠠᠮ ᠬᠠᠷᠢᠯᠴᠠᠭ᠎ᠠ ᠳᠥᠭᠦᠮ ᠳᠥᠲᠡ᠂  ᠪᠡᠯᠡ ᠣᠷᠤᠭᠤᠯᠤᠯᠲᠠ ᠶᠢᠨ ᠣᠷᠴᠢᠨ ᠨᠥᠬᠦᠴᠡᠯ ᠰᠠᠶᠢᠨ᠂ ᠬᠥᠮᠥᠨ ᠤ ᠬᠦᠴᠦᠨ ᠤ ᠡᠬᠢ ᠰᠤᠷᠪᠤᠯᠵᠢ ᠡᠯᠪᠡᠭ ᠪᠠᠶᠠᠯᠢᠭ ᠪᠠᠶᠢᠵᠤ᠂ ᠮᠠᠰᠢ ᠶᠡᠭᠡ ᠬᠥᠭᠵᠢᠯᠲᠡ ᠶᠢᠨ ᠳᠠᠯᠳᠠ ᠬᠦᠴᠦᠨ ᠠᠭᠤᠯᠤᠭᠳᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠤᠨ ᠨᠡᠭᠦᠷᠡᠰᠦᠨ ᠤ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠤᠶᠠᠷ ᠲᠠᠯ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠬᠠᠮᠲᠤᠷᠠᠯᠴᠠᠭᠠᠨ ᠳᠤ ᠲᠣᠬᠢᠷᠠᠬᠤ ᠵᠦᠢᠯ ᠢᠶᠠᠨ ᠣᠨᠣᠪᠴᠢᠲᠠᠢ ᠣᠯᠵᠤ᠂ ᠡᠷᠲᠡᠬᠡᠨ ᠬᠠᠮᠳᠤᠪᠡᠷ ᠠᠰᠢᠭ ᠬᠦᠷᠲᠡᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠶ᠎ᠡ ᠭᠡᠵᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号