︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ | ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠰᠢᠦᠢ | ᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ ᠰᠢᠤᠸᠠᠢ ᠭᠠᠩ ᠨᠠᠷ ᠲᠠᠢ ᠠᠭᠤᠯᠵᠠᠪᠠ᠃ | ᠪᠣᠣ ᠭᠠᠩ ᠶᠠᠩ ᠰᠢᠤᠸᠠᠢ ᠭᠠᠩ ᠨᠠᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ | ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠤᠯᠠᠨ ᠵᠢᠯ ᠤᠨ ᠲᠤᠷᠰᠢ ᠰᠢᠦᠢ ᠶᠠᠩ | ᠪᠦᠯᠦᠭᠯᠡᠯ ᠮᠠᠨ ᠤ ᠬᠤᠳᠠ ᠲᠠᠢ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠣᠨᠴᠠᠭᠠᠶᠢᠯᠠᠨ | ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠤ ᠳᠠᠭᠠᠭᠤᠯᠤᠭᠴᠢ ᠠᠵᠤ ᠠᠬᠤᠶᠢᠯᠠᠯ ᠤᠨ | ᠬᠥᠲᠥᠯᠥᠨ ᠳᠠᠭᠠᠭᠤᠯᠬᠤ ᠦᠢᠯᠡᠳᠦᠯ ᠲᠠᠢ ᠪᠠᠶᠢᠵᠤ᠂ ᠬᠡᠪᠴᠢᠶᠡᠵᠢᠯ ᠤᠨ ᠳᠠᠪᠠᠭᠤᠯᠢᠭ ᠢ ᠪᠦᠷᠢᠯᠳᠦᠭᠦᠯᠵᠡᠢ᠃ ᠰᠢᠦᠢ | ᠶᠠᠩ ᠪᠦᠯᠦᠭᠯᠡᠯ ᠤᠨ ᠬᠥᠬᠡᠬᠤᠲᠠ ᠳᠠᠬᠢ ᠠᠵᠤ ᠦᠢᠯᠡᠰ ᠤᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ | ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ᠂ ᠨᠡᠭᠦᠷᠡᠰᠦᠨ ᠤ ᠳᠠᠪᠠᠷᠬᠠᠢ ᠶᠢ | ᠨᠠᠷᠢᠯᠢᠭ ᠡᠳ᠋ᠰᠢᠭᠦᠯᠬᠦ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ | ᠬᠡᠦᠷᠰᠢᠭᠦᠯᠬᠦ ᠠᠵᠤ ᠦᠢᠯᠡᠰ ᠤᠨ ᠤᠰᠤᠲᠥ᠋ᠷᠥᠭᠴᠢ ᠶᠢᠨ ᠡᠨᠧᠷᠭᠢ᠂ ᠪᠢᠯᠢᠭ ᠲᠤᠶᠢᠯ ᠤᠨ ᠮᠠᠲ᠋ᠧᠷᠢᠶᠠᠯ᠂ ᠨᠠᠷᠢᠯᠢᠭ | ᠬᠢᠮᠢ ᠶᠢᠨ ᠠᠵᠤ ᠦᠢᠯᠡᠳᠪᠦᠷᠢ ᠵᠡᠷᠭᠡ ᠲᠡᠶᠢᠰᠢ ᠥᠷᠭᠡᠳᠬᠦ ᠶᠢ ᠢᠳᠡᠪᠬᠢᠳᠡᠢ ᠠᠬᠢᠭᠤᠯᠵᠤ᠂ ᠣᠷᠣᠨ ᠤ ᠲᠥᠪ ᠤᠨ | ᠠᠵᠤ ᠦᠢᠯᠡᠰ ᠤᠨ ᠪᠥᠭᠡᠮᠨᠡᠷᠡᠯ ᠤᠨ ᠬᠡᠯᠬᠢᠶ᠎ᠡ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠵᠤ | ᠠᠬᠤᠶᠢᠯᠠᠯ ᠤᠨ ᠬᠥᠬᠡᠬᠤᠲᠠ ᠳᠠᠬᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ ᠭᠡᠵᠡᠢ᠃ | ᠶᠠᠩ ᠰᠢᠤᠸᠠᠢ ᠭᠠᠩ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ | ᠰᠢᠦᠢ ᠶᠠᠩ ᠪᠦᠯᠦᠭᠯᠡᠯ ᠤᠨ ᠬᠥᠬᠡᠬᠤᠲᠠ ᠳᠠᠬᠢ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ | ᠲᠠᠯᠠᠷᠬᠠᠪᠠ᠃ ᠲᠡᠷᠡ ᠬᠡᠯᠡᠭᠰᠡᠨ ᠨᠢ᠂ ᠬᠥᠬᠡᠬᠤᠲᠠ ᠪᠣᠳᠠᠲᠤ ᠴᠣᠭᠴᠠ ᠶᠢᠨ ᠠᠵᠤ ᠠᠬᠤᠢ ᠶᠢ ᠶᠡᠬᠡᠪᠡᠷ ᠠᠳᠬᠤᠵᠤ᠂ | ᠠᠵᠤ ᠦᠢᠯᠡᠰ ᠤᠨ ᠪᠥᠭᠡᠮᠨᠡᠷᠡᠯ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠨᠢ ᠬᠤᠶᠠᠷ ᠲᠠᠯ᠎ᠠ ᠶᠢᠨ | ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠬᠠᠩᠭᠠᠵᠠᠢ᠂ | ᠰᠢᠦᠢ ᠶᠠᠩ ᠪᠦᠯᠦᠭᠯᠡᠯ ᠬᠥᠬᠡᠬᠤᠲᠠ ᠳᠠᠬᠢ ᠪᠡᠯᠡ ᠣᠷᠤᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠬᠥᠬᠡᠬᠤᠲᠠ ᠳᠠᠬᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ | ᠣᠷᠣᠨ ᠤ ᠲᠥᠪ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠳᠤ ᠨᠡᠩ ᠰᠠᠶᠢᠨ | ᠲᠤᠰᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ ᠭᠡᠪᠡ᠃ | ᠯᠢᠦ ᠵᠢᠢ ᠶᠢᠩ᠂ ᠯᠢ ᠰᠢᠶᠣᠣ ᠶᠠᠨ ᠠᠭᠤᠯᠵᠠᠯᠲᠠ ᠳᠤ ᠣᠷᠣᠯᠴᠠᠪᠠ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |