ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 16 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠸᠧᠢ ᠢᠦᠢ ᠺᠦᠨ᠂ ᠬᠠᠨ ᠵᠢᠶᠠ ᠨᠥᠸᠧ︶ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ 16 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 4 ᠳ᠋ᠦ᠋ᠭᠡᠷ ᠰᠠᠷ᠎ᠠ ᠳᠤ | ᠂ ᠠᠵᠤ ᠠᠬᠤᠢ ᠨᠡᠶᠢᠭᠡᠮ ᠪᠥᠬᠦ ᠲᠠᠯ᠎ᠠ ᠪᠠᠷ ᠬᠡᠪ ᠤᠨ ᠪᠠᠶᠢᠳᠠᠯ ᠳᠠᠭᠠᠨ ᠣᠷᠣᠵᠤ᠂ ᠣᠯᠠᠩᠬᠢ ᠦᠢᠯᠡᠳᠪᠦᠷᠢᠯᠡᠯ ᠤᠨ | ᠬᠡᠷᠡᠭᠴᠡᠭᠡᠨ ᠤ ᠭᠦᠢᠴᠡᠳᠬᠡᠯ ᠲᠤᠭ᠎ᠠ ᠶᠢᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠳᠡᠭᠡᠭᠰᠢᠯᠡᠵᠦ᠂ | ᠦᠢᠯᠡᠴᠢᠯᠡᠭᠡᠨ ᠤ ᠦᠢᠯᠡᠰ ᠪᠠ ᠬᠡᠷᠡᠭᠯᠡᠭᠡᠨ ᠨᠡᠯᠢᠶᠡᠳ ᠲᠦᠷᠭᠡᠨ ᠰᠡᠷᠭᠦᠵᠦ᠂ ᠠᠵᠢᠯ ᠣᠯᠭᠤᠯᠲᠠ ᠪᠠᠷᠠᠭᠠᠨ ᠤ ᠦᠨ᠎ᠡ | ᠶᠡᠷᠦᠩᠬᠡᠢ ᠳᠡᠭᠡᠨ ᠲᠣᠭᠲᠠᠭᠤᠨ ᠪᠣᠯᠵᠤ᠂ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠬᠤ | ᠬᠠᠨᠳᠤᠰᠢ ᠲᠠᠢ ᠪᠣᠯᠪᠠ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠦᠢᠯᠡᠴᠢᠯᠡᠭᠡᠨ ᠤ | ᠦᠢᠯᠡᠰ ᠦᠷᠭᠦᠯᠵᠢᠯᠡᠨ ᠰᠡᠷᠭᠦᠪᠡ᠃ 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ | ᠲᠦᠷᠦᠭᠦᠸ ᠰᠠᠷ᠎ᠠ ᠶᠢᠨ ᠬᠢ ᠠᠴᠠ 1.7 ᠵᠠᠭᠤᠨ ᠤ ᠨᠢᠭᠡᠴᠢ ᠲᠦᠷᠭᠡᠳᠪᠡ︔ ᠪᠥᠬᠦ ᠤᠯᠤᠰ ᠤᠨ ᠦᠢᠯᠡᠴᠢᠯᠡᠭᠡᠨ ᠤ | ᠦᠢᠯᠡᠰ ᠤᠨ ᠦᠢᠯᠡᠳᠪᠦᠷᠢᠯᠡᠯ ᠤᠨ ᠢᠯᠡᠳᠬᠡᠮᠵᠢ ᠲᠤᠭ᠎ᠠ ᠠᠳᠠᠯᠢ ᠬᠤᠭᠤᠴᠠᠭᠠᠨ ᠤ ᠬᠢ ᠠᠴᠠ 13.5% ᠨᠡᠮᠡᠭᠳᠡᠵᠦ | ᠂ ᠲᠦᠷᠦᠭᠦᠸ ᠰᠠᠷ᠎ᠠ ᠶᠢᠨ ᠬᠢ ᠠᠴᠠ 4.3 ᠵᠠᠭᠤᠨ ᠤ ᠨᠢᠭᠡᠴᠢ ᠲᠦᠷᠭᠡᠳᠪᠡ᠃ | ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠨᠡᠯᠢᠶᠡᠳ ᠲᠦᠷᠭᠡᠨ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ ᠶᠢᠨ ᠬᠡᠪᠴᠢᠶ᠎ᠡ ᠥᠷᠭᠡᠵᠢᠪᠡ᠃ 4 ᠳ᠋ᠦ᠋ᠭᠡᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ 34910 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ | ᠬᠢ ᠠᠴᠠ 18.4% ᠪᠠᠷ ᠨᠡᠮᠡᠭᠳᠡᠨ᠂ ᠲᠦᠷᠦᠭᠦᠸ ᠰᠠᠷ᠎ᠠ ᠶᠢᠨ ᠬᠢ ᠠᠴᠠ 7.8 ᠵᠠᠭᠤᠨ ᠤ ᠨᠢᠭᠡᠴᠢ ᠲᠦᠷᠭᠡᠳᠪᠡ︔ | ᠲᠦᠷᠦᠭᠦᠦ ᠰᠠᠷ᠎ᠠ ᠶᠢᠨ ᠬᠢ ᠠᠴᠠ 0.49% ᠨᠡᠮᠡᠭᠳᠡᠪᠡ᠃ 1 ︱ 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ | ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠦᠭᠡᠢ︶ ᠠᠳᠠᠯᠢ | ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ 1 ︱ 3 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ | ᠨᠢᠭᠡᠴᠢ ᠪᠠᠭᠤᠷᠠᠪᠠ᠃ | ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ ᠦᠷᠭᠦᠯᠵᠢᠯᠡᠨ | ᠨᠡᠮᠡᠭᠳᠡᠵᠦ᠂ ᠠᠷᠠᠯᠵᠢᠶᠠᠨ ᠤ ᠪᠦᠲᠦᠴᠡ ᠦᠷᠭᠦᠯᠵᠢᠯᠡᠨ ᠰᠢᠯᠢᠳᠡᠭᠵᠢᠪᠡ᠃ 4 ᠳ᠋ᠦ᠋ᠭᠡᠷ ᠰᠠᠷ᠎ᠠ ᠳᠤ᠂ ᠡᠳ᠋ ᠪᠠᠷᠠᠭ᠎ᠠ ᠶᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 34347 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ᠃ 1 ᠠᠴᠠ 4 ᠳ᠋ᠦ᠋ᠭᠡᠷ ᠰᠠᠷ᠎ᠠ | ᠪᠣᠯᠲᠠᠯ᠎ᠠ᠂ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ | 133232 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ︔ | ᠡᠩ ᠤᠨ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠠᠳᠠᠯᠢ ᠬᠤᠭᠤᠴᠠᠭᠠᠨ ᠤ ᠬᠢ ᠠᠴᠠ 8.5% | ᠨᠡᠮᠡᠭᠳᠡᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ | 65.4% ᠬᠦᠷᠴᠦ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 1.6 ᠵᠠᠭᠤᠨ ᠤ ᠨᠢᠭᠡᠴᠢ | ᠳᠡᠭᠡᠭᠰᠢᠯᠡᠵᠡᠢ᠃ | ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠃ 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ | ᠬᠤᠲᠠ ᠪᠠᠯᠭᠠᠰᠤᠨ ᠤ ᠪᠠᠶᠢᠴᠠᠭᠠᠯᠲᠠ ᠳᠤ ᠠᠵᠢᠯ ᠠᠯᠳᠠᠯᠲᠠ ᠶᠢᠨ ᠨᠣᠷᠮ᠎ᠠ 5.2% ᠪᠠᠶᠢᠵᠤ᠂ ᠲᠦᠷᠦᠭᠦᠸ | ᠰᠠᠷ᠎ᠠ ᠶᠢᠨ ᠬᠢ ᠠᠴᠠ 0.1 ᠵᠠᠭᠤᠨ ᠤ ᠨᠢᠭᠡᠴᠢ ᠪᠠᠭᠤᠷᠠᠪᠠ᠃ ᠲᠣᠰ ᠭᠠᠵᠠᠷ ᠤᠨ ᠡᠷᠦᠬᠡ ᠠᠮᠠ ᠶᠢᠨ ᠲᠠᠩᠰᠠ ᠲᠠᠢ | ᠬᠥᠳᠡᠯᠮᠦᠷᠢ ᠬᠦᠴᠦᠨ ᠤ ᠪᠠᠶᠢᠴᠠᠭᠠᠯᠲᠠ ᠳᠤ ᠠᠵᠢᠯ ᠠᠯᠳᠠᠯᠲᠠ ᠶᠢᠨ ᠨᠣᠷᠮ᠎ᠠ 5.1% ᠬᠦᠷᠪᠡ᠃ | ᠭᠠᠳᠠᠨ᠎ᠠ ᠣᠷᠣᠨ ᠤ ᠡᠷᠦᠬᠡ ᠠᠮᠠ ᠲᠠᠢ ᠬᠥᠳᠡᠯᠮᠦᠷᠢ ᠬᠦᠴᠦᠨ ᠤ ᠪᠠᠶᠢᠴᠠᠭᠠᠯᠲᠠ ᠳᠤ ᠠᠵᠢᠯ ᠠᠯᠳᠠᠯᠲᠠ ᠶᠢᠨ ᠨᠣᠷᠮ᠎ᠠ | 5.4% ᠪᠠᠶᠢᠵᠤ᠂ ᠡᠭᠦᠨ ᠳᠤ ᠭᠠᠳᠠᠨ᠎ᠠ ᠠᠴᠠ ᠢᠷᠡᠭᠰᠡᠨ ᠲᠠᠷᠢᠶᠠᠯᠠᠩ ᠤᠨ ᠡᠷᠦᠬᠡ ᠠᠮᠠ ᠲᠠᠢ ᠬᠥᠳᠡᠯᠮᠦᠷᠢ | ᠬᠦᠴᠦᠨ ᠤ ᠪᠠᠶᠢᠴᠠᠭᠠᠯᠲᠠ ᠳᠤ ᠠᠵᠢᠯ ᠠᠯᠳᠠᠯᠲᠠ ᠶᠢᠨ ᠨᠣᠷᠮ᠎ᠠ 5.1% ᠬᠦᠷᠪᠡ᠃ 4 ᠳ᠋ᠦ᠋ᠭᠡᠷ ᠰᠠᠷ᠎ᠠ ᠳᠤ᠂ ᠪᠥᠬᠦ | ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠢᠯᠡᠳᠬᠡᠮᠵᠢ ᠲᠤᠭ᠎ᠠ ︵CPI︶ ᠠᠳᠠᠯᠢ | ᠬᠤᠭᠤᠴᠠᠭᠠᠨ ᠤ ᠬᠢ ᠠᠴᠠ 0.1% ᠪᠠᠷ ᠥᠰᠴᠦ᠂ ᠲᠦᠷᠦᠭᠦᠸ ᠰᠠᠷ᠎ᠠ ᠶᠢᠨ ᠬᠢ ᠠᠴᠠ 0.1% ᠪᠠᠷ ᠪᠠᠭᠤᠷᠠᠪᠠ᠃ | | ︽ᠶᠡᠷᠦᠩᠬᠡᠢ ᠳᠤᠨᠢ ᠠᠪᠴᠤ ᠦᠵᠡᠪᠡᠯ᠂ 4 ᠳ᠋ᠦ᠋ᠭᠡᠷ ᠰᠠᠷ᠎ᠠ ᠳᠤ ᠤᠯᠤᠰ ᠠᠷᠠᠳ ᠤᠨ ᠠᠵᠤ ᠠᠬᠤᠢ ᠶᠢᠨ | ᠪᠠᠶᠢᠳᠠᠯ ᠦᠷᠭᠦᠯᠵᠢᠯᠡᠨ ᠰᠡᠷᠭᠦᠵᠦ᠂ ᠰᠠᠶᠢᠵᠢᠷᠠᠬᠤ ᠬᠦᠴᠦᠨ ᠵᠦᠢᠯ ᠬᠤᠷᠠᠮᠳᠤᠨ ᠨᠡᠮᠡᠭᠳᠡᠵᠦ ᠪᠠᠶᠢᠨ᠎ᠠ᠂ ᠭᠡᠪᠡᠴᠦ | ᠳᠡᠯᠡᠬᠡᠢ ᠶᠢᠨ ᠣᠷᠴᠢᠨ ᠨᠥᠬᠦᠴᠡᠯ ᠮᠥᠨ ᠬᠦ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ | ᠤᠯᠤᠰ ᠤᠨ ᠳᠣᠲᠣᠭᠠᠳᠤ ᠶᠢᠨ ᠬᠡᠷᠡᠭᠴᠡᠭᠡ ᠮᠥᠨ ᠬᠦ ᠬᠦᠷᠦᠯᠴᠡᠬᠦ ᠦᠭᠡᠢ ᠪᠠᠶᠢᠵᠤ᠂ ᠠᠵᠤ ᠠᠬᠤᠢ ᠶᠢᠨ | ᠳᠡᠭᠡᠭᠰᠢᠯᠡᠯᠲᠡ ᠶᠢᠨ ᠳᠣᠲᠣᠭᠠᠳᠤ ᠶᠢᠨ ᠬᠥᠳᠡᠯᠭᠡᠭᠦ ᠬᠦᠴᠦᠨ ᠪᠠᠰᠠ ᠴᠢᠩᠭ᠎ᠠ ᠪᠢᠰᠢ ᠪᠠᠶᠢᠬᠤ ᠶᠢ ᠴᠤ ᠣᠯᠵᠤ | ᠬᠠᠷᠠᠬᠤ ᠬᠡᠷᠡᠭᠲᠡᠢ ᠪᠠᠶᠢᠨ᠎ᠠ︾᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠣᠨᠢᠨ ᠮᠡᠳᠡᠭᠡ | ᠨᠡᠶᠢᠲᠡᠯᠡᠭᠴᠢ ᠹᠦ᠋ ᠯᠢᠩ ᠬᠤᠶ ᠲᠤᠬᠠᠢ ᠶᠢᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ | ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠱᠠᠲᠤᠨ ᠳᠤ᠂ | ᠲᠥᠷᠥ ᠶᠢᠨ ᠪᠣᠳᠣᠯᠭ᠎ᠠ ᠶᠢᠨ ᠦᠢᠯᠡᠳᠦᠯ ᠢ ᠪᠠᠳᠠᠷᠠᠭᠤᠯᠬᠤ ᠪᠠ ᠡᠵᠡᠩᠨᠡᠯᠲᠡ ᠶᠢᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠤᠶᠠᠯᠳᠤᠭᠤᠯᠵᠤ᠂ ᠬᠡᠷᠡᠭᠴᠡᠭᠡ ᠶᠢ ᠢᠳᠡᠪᠬᠢᠲᠡᠢ ᠪᠠᠷ ᠰᠡᠷᠭᠦᠭᠡᠨ | ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠵᠤ | ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ | ᠠᠬᠢᠭᠤᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ ᠭᠡᠵᠡᠢ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |