| | | ᠣᠶᠢᠷ᠎ᠠ ᠳᠤ᠂ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠡᠯᠢ ᠳᠠᠭᠠᠤ ᠶᠢᠨ ᠣᠯᠠᠨ ᠵᠡᠭᠡᠯᠢ ᠶᠢᠨ | ᠥᠨᠴᠥᠭ ᠤᠨ ᠨᠣᠭᠤᠭᠠᠨ ᠭᠠᠵᠠᠷ ᠲᠤ ᠴᠡᠴᠡᠷᠯᠢᠭ ᠤᠨ ᠠᠵᠢᠯᠴᠢᠳ ᠬᠤᠸᠠᠷ ᠴᠡᠴᠡᠭ ᠢ ᠵᠣᠬᠢᠴᠠᠭᠤᠯᠤᠨ ᠲᠠᠷᠢᠵᠤ᠂ | ᠡᠯ᠎ᠡ ᠵᠦᠢᠯ ᠤᠨ ᠬᠤᠸᠠᠷ ᠴᠡᠴᠡᠭ ᠥᠩᠭᠡ ᠪᠤᠯᠢᠶᠠᠯᠳᠤᠨ ᠳᠡᠯᠭᠡᠷᠡᠵᠦ᠂ ᠭᠤᠶᠣ ᠰᠠᠶᠢᠬᠠᠨ ᠴᠡᠴᠡᠭ ᠤᠨ ᠣᠷᠴᠢᠨ ᠳᠤ | ︽ᠨᠣᠭᠤᠭᠠᠨ ᠥᠩᠭᠡ ᠪᠠᠷ ᠭᠤᠣᠯᠯᠠᠭᠤᠯᠵᠤ᠂ ᠥᠩᠭᠡ ᠪᠠᠷ ᠴᠢᠮᠡᠭᠯᠡᠭᠰᠡᠨ︾ ᠥᠩᠭᠡ ᠦᠵᠡᠮᠵᠢ ᠪᠦᠷᠢᠯᠳᠦᠵᠦ᠂ | ᠬᠤᠲᠠ ᠶᠢᠨ ᠵᠡᠭᠡᠯᠢ ᠶᠢᠨ ᠥᠨᠴᠥᠭ ᠤᠨ ᠣᠷᠣᠨ ᠵᠠᠢ ᠶᠢᠨ ᠴᠢᠨᠠᠷ ᠴᠢᠨᠰᠠᠭ᠎ᠠ ᠶᠢ ᠶᠡᠭᠡ ᠪᠠᠷ ᠳᠡᠭᠡᠭᠰᠢᠯᠡᠭᠦᠯᠦᠭᠰᠡᠨ | ᠪᠠᠶᠢᠨ᠎ᠠ᠃ | ᠡᠨᠡ ᠵᠢᠯ᠂ ᠰᠢᠨ᠎ᠡ ᠬᠤᠲᠠ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ | ᠲᠥᠪ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠵᠡᠮᠵᠢ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ | ᠪᠥᠬᠦ ᠲᠣᠭᠤᠷᠢᠭ ᠤᠨ ᠬᠡᠪᠴᠢᠶᠡᠨ ᠳᠤ ︽ᠦᠵᠡᠰᠬᠦᠯᠡᠩᠲᠦ ᠰᠠᠶᠢᠬᠠᠨ ᠵᠡᠭᠡᠯᠢ ᠶᠢᠨ ᠥᠨᠴᠥᠭ︾ ᠤᠨ ᠪᠦᠲᠦᠭᠡᠨ | ᠪᠠᠶᠢᠭᠤᠯᠤᠯᠲᠠ ᠵᠢᠴᠢ ᠬᠠᠷᠮᠠᠨ ᠴᠡᠴᠡᠷᠯᠢᠭ ᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠵᠠᠯᠭᠠᠪᠡᠷ ᠥᠷᠨᠢᠭᠦᠯᠵᠦ᠂ | ᠬᠤᠲᠠ ᠳᠤ ᠥᠩᠭᠡ ᠪᠤᠳᠤᠭ ᠨᠡᠮᠡᠷᠢᠯᠡᠬᠦ ᠶᠢᠨ ᠬᠠᠮᠲᠤ᠂ ᠬᠤᠲᠠ ᠶᠢᠨ ᠦᠵᠡᠮᠵᠢ ᠶᠢᠨ ᠠᠭᠤᠯᠤᠭᠳᠠᠬᠤᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠲᠠᠪᠤᠨ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠪᠥᠬᠦ ᠲᠠᠯ᠎ᠠ ᠪᠠᠷ ᠲᠦᠯᠬᠢᠨ ᠠᠬᠢᠭᠤᠯᠪᠠ᠃ | ᠲᠣᠰ ᠤᠳᠠᠭᠠᠨ ᠤ ᠵᠡᠭᠡᠯᠢ ᠶᠢᠨ ᠦᠵᠡᠮᠵᠢ ᠶᠢ ᠳᠡᠭᠡᠭᠰᠢᠯᠡᠭᠦᠯᠬᠦ ᠳᠤ ᠤᠰᠤᠨ ᠳᠤ ᠠᠷᠪᠢᠲᠠᠢ ᠭᠠᠩ | ᠬᠠᠭᠰᠠᠷᠠᠭᠠᠨ ᠳᠤ ᠲᠡᠰᠪᠦᠷᠢᠲᠡᠢ᠂ ᠥᠩᠭᠡ ᠪᠤᠳᠤᠭ ᠨᠢ ᠭᠤᠶᠣ ᠮᠥᠷᠲᠡᠭᠡᠨ ᠴᠡᠴᠡᠭᠯᠡᠬᠦ ᠬᠤᠭᠤᠴᠠᠭ᠎ᠠ ᠨᠢ ᠨᠡᠯᠢᠶᠡᠳ | ᠣᠷᠳᠣ ᠴᠡᠴᠡᠭ ᠢ ᠬᠡᠷᠡᠭᠯᠡᠵᠦ᠂ ᠬᠤᠨᠳᠠᠭᠠᠨ ᠴᠡᠴᠡᠭ᠂ ᠭᠤᠶᠣ ᠪᠠᠱᠠᠭ᠎ᠠ᠂ ᠮᠡᠯᠡᠷᠡᠭ ᠴᠡᠴᠡᠭ᠂ ᠴᠠᠨ᠎ᠠ ᠴᠡᠴᠡᠭ᠂ | ᠲᠦᠮᠡᠨ ᠨᠠᠰᠤᠲᠤ ᠤᠳᠪᠠᠯᠠ᠂ ᠦᠷᠡᠯᠡᠴᠢ ᠡᠪᠡᠰᠦ᠂ ᠬᠤᠯᠤᠭᠠᠨ᠎ᠠ ᠶᠢᠨ ᠰᠡᠭᠦᠯ ᠡᠪᠡᠰᠦ ᠵᠡᠷᠭᠡ ᠨᠡᠶᠢᠲᠡ 4.5 | ᠲᠦᠮᠡ ᠭᠠᠷᠤᠢ ᠰᠠᠭᠤᠷᠢ ᠡᠪᠡᠰᠦ ᠳᠠᠷᠢᠵᠠᠢ᠃ | ᠰᠤᠷᠪᠤᠯᠵᠢᠯᠠᠭᠴᠢ ᠯᠢᠦ ᠱᠠ ᠱᠠ ᠰᠡᠭᠦᠳᠡᠷᠯᠡᠪᠡ |