ᠮᠠᠨ ᠤ ᠬᠤᠲᠠ ᠶᠢᠨ 5 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ  ᠳᠡᠭᠡᠷ᠎ᠡ ᠫᠠᠶᠢᠰᠠ ᠡᠯᠭᠦᠭᠰᠡᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 100 ᠲᠦᠮᠡᠨ ᠲᠥᠭᠦᠷᠢᠭ ᠣᠯᠵᠤ ᠪᠥᠬᠦ ᠣᠷᠣᠨ ᠤ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2023/5/18
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠸᠠᠩ ᠵᠢᠶᠠ ᠹᠠᠨ᠂ ᠹᠧᠩ ᠲᠤᠤ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ᠂ ᠪᠤᠭᠤᠲᠤ ᠵᠡᠷᠭᠡ 7 ᠠᠶᠢᠮᠠᠭ ᠬᠤᠲᠠ ᠶᠢᠨ ᠠᠩᠬ᠎ᠠ ᠤᠳᠠᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠰᠠᠮᠪᠠᠷ᠎ᠠ ᠳᠡᠭᠡᠷ᠎ᠡ ᠫᠠᠶᠢᠰᠠ ᠡᠯᠭᠦᠭᠰᠡᠨ 16 ᠠᠵᠤ ᠠᠬᠤᠶᠢᠯᠠᠯ ᠳᠤ ᠨᠡᠶᠢᠲᠡ 320 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠣᠯᠭᠤᠵᠤ᠂ ᠡᠭᠦᠨ ᠳᠤ ᠮᠠᠨ ᠤ ᠬᠤᠲᠠ ᠶᠢᠨ ᠥᠪᠥᠷ ᠮᠣᠩᠭᠤᠯ ᠤᠨ ᠶᠦᠨ ᠺᠧ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠢ ᠲᠧ ᠯᠢ ᠢᠨᠵᠧᠨᠧᠷᠢᠩ ᠤᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧᠩ ᠰᠢᠨ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 5 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠳᠡᠭᠡᠷ᠎ᠡ ᠫᠠᠶᠢᠰᠠ ᠡᠯᠭᠦᠭᠰᠡᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 100 ᠲᠦᠮᠡᠨ ᠲᠥᠭᠦᠷᠢᠭ ᠣᠯᠵᠤ᠂ ᠲᠣᠰ ᠤᠳᠠᠭᠠᠨ ᠤ ᠪᠥᠬᠦ ᠣᠷᠣᠨ ᠤ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢᠨ 31.25% ᠶᠢ ᠡᠵᠡᠯᠡᠵᠦ᠂ ᠪᠥᠬᠦ ᠣᠷᠣᠨ ᠤ ᠲᠡᠷᠢᠭᠦᠨ ᠳᠤ ᠣᠷᠣᠪᠠ᠃      2021 ᠣᠨ ᠤ 11 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠥᠷᠭᠡᠳᠭᠡᠵᠦ ᠡᠳ᠋ ᠤᠨ ᠵᠠᠰᠠᠭ ᠤᠨ ᠪᠡᠯᠡ ᠮᠥᠩᠭᠦ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠶᠢ ᠳᠡᠮᠵᠢᠬᠦ ᠲᠤᠬᠠᠢ ᠲᠥᠷᠥ ᠶᠢᠨ ᠪᠣᠳᠣᠯᠭ᠎ᠠ ᠨᠤᠭᠤᠳ ᠤᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠳᠡᠭᠡᠷ᠎ᠡ ᠫᠠᠶᠢᠰᠠ ᠡᠯᠭᠦᠭᠰᠡᠨ ᠠᠵᠤ ᠠᠬᠤᠶᠢᠯᠠᠯ ᠢ ᠱᠠᠩᠨᠠᠵᠤ ᠨᠥᠬᠦᠪᠦᠷᠢᠯᠡᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠵᠠᠬ᠎ᠠ ᠳᠡᠯᠭᠡᠭᠦᠷ ᠲᠤ ᠠᠩᠬ᠎ᠠ ᠤᠳᠠᠭ᠎ᠠ ᠫᠠᠶᠢᠰᠠ ᠡᠯᠭᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 20 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠵᠤ᠂ ᠫᠠᠶᠢᠰᠠ ᠡᠯᠭᠦᠭᠰᠡᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠠᠮᠢᠶ᠎ᠠ ᠪᠦᠬᠦᠢ ᠠᠵᠢᠯᠯᠠᠭ᠎ᠠ ᠥᠷᠨᠢᠭᠦᠯᠬᠦ ᠶᠢ ᠳᠡᠮᠵᠢᠬᠦ ᠳᠤ ᠬᠡᠷᠡᠭᠯᠡᠨ᠎ᠡ᠃      ᠣᠶᠢᠯᠠᠭᠠᠭᠰᠠᠨ ᠢᠶᠠᠷ᠂ ᠳᠠᠷᠠᠭᠠᠴᠢ ᠶᠢᠨ ᠠᠯᠬᠤᠮ ᠳᠤ ᠮᠠᠨ ᠤ ᠬᠤᠲᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠵᠣᠯᠭᠠᠭᠤᠯᠬᠤ ᠦᠢᠯᠡᠴᠢᠯᠡᠭᠡ ᠪᠣᠯᠣᠨ ᠪᠣᠯᠪᠠᠰᠤᠷᠠᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠳᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠲᠠᠢ ᠬᠠᠮᠲᠤᠷᠠᠨ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠤᠮᠠᠷᠠᠲᠤ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠲᠤ ᠭᠠᠷᠴᠤ ᠪᠡᠯᠡ ᠴᠤᠭᠯᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠢᠳᠡᠪᠬᠢᠵᠢᠯ ᠢ ᠪᠦᠲᠦᠮᠵᠢᠲᠡᠢ ᠲᠠᠶᠢᠴᠢᠯᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ ᠣᠷᠣᠭᠤᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号