ᠮᠠᠨ ᠤ ᠬᠤᠲᠠ ᠶᠢᠨ 8 ᠠᠵᠤ ᠠᠬᠤᠶᠢᠯᠠᠯ ᠴᠢᠨᠠᠷ ᠰᠠᠶᠢᠲᠠᠢ ᠦᠢᠯᠡᠳᠬᠦᠨ ᠢᠶᠠᠨ ᠠᠪᠴᠤ 2023 ᠣᠨ ᠤ ᠳᠤᠮᠳᠠᠳᠤ ᠤᠯᠤᠰ ᠤᠨ ᠲᠦᠷᠦᠯ ᠲᠡᠮᠳᠡᠭᠲᠦ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2023/5/18
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ 2023 ᠣᠨ ᠤ ᠳᠤᠮᠳᠠᠳᠤ ᠤᠯᠤᠰ ᠤᠨ  ᠲᠦᠷᠦᠯ ᠲᠡᠮᠳᠡᠭᠲᠦ ᠤᠨ ᠡᠳᠦᠷ ᠤᠨ ᠠᠵᠢᠯᠯᠠᠭ᠎ᠠ ᠱᠠᠩᠬᠠᠢ ᠶᠢᠨ ᠳᠡᠯᠡᠬᠡᠢ ᠶᠢᠨ ᠦᠵᠡᠰᠬᠦᠯᠡᠩ ᠤᠨ ᠴᠤᠭᠯᠠᠭᠠᠨ ᠤ ᠣᠷᠳᠣᠨ ᠳᠤ ᠶᠠᠪᠤᠭᠳᠠᠪᠠ᠃ ᠮᠠᠨ ᠤ ᠬᠤᠲᠠ 8 ᠲᠦᠷᠦᠯ ᠲᠡᠮᠳᠡᠭᠲᠦ ᠶᠢᠨ ᠠᠵᠤ ᠠᠬᠤᠶᠢᠯᠠᠯ ᠢ ᠰᠢᠯᠢᠨ ᠰᠣᠩᠭᠤᠵᠤ ᠲᠤᠬᠠᠢ ᠶᠢᠨ ᠭᠠᠵᠠᠷ ᠤᠨ ᠦᠵᠡᠰᠬᠦᠯᠡᠩ ᠳᠤ ᠣᠷᠣᠯᠴᠠᠭᠤᠯᠵᠤ᠂ ᠬᠥᠬᠡᠬᠤᠲᠠ ᠶᠢᠨ ᠲᠦᠷᠦᠯ ᠲᠡᠮᠳᠡᠭᠲᠦ ᠶᠢᠨ ᠪᠣᠳᠠᠲᠤ ᠬᠦᠴᠦᠨ ᠪᠠ ᠴᠤᠭ ᠵᠢᠪᠬᠤᠭ᠎ᠠ ᠶᠢ ᠳᠡᠯᠭᠡᠨ ᠦᠵᠡᠭᠦᠯᠪᠡ᠃      ᠲᠣᠰ ᠤᠳᠠᠭᠠᠨ ᠤ ᠦᠵᠡᠰᠬᠦᠯᠡᠩ ᠳᠤ ᠥᠪᠥᠷ ᠮᠣᠩᠭᠤᠯ ᠤᠨ ᠲᠤᠬᠠᠢ ᠶᠢᠨ ᠭᠠᠵᠠᠷ ᠤᠨ ᠦᠵᠡᠰᠬᠦᠯᠡᠩ ᠤᠨ ᠣᠷᠳᠣᠨ ᠳᠤ ︽ᠰᠣᠶᠣᠯ ᠢᠶᠠᠷ ᠵᠢᠭᠤᠯᠴᠢᠯᠠᠯ ᠢ ᠤᠬᠠᠭᠤᠯᠵᠤ ᠠᠭᠤᠰᠤᠯᠴᠠᠭᠤᠯᠤᠨ ᠬᠥᠭᠵᠢᠭᠦᠯᠬᠦ︾ ︽ᠲᠡᠭᠷᠢ ᠲᠠᠯ᠎ᠠ ᠳᠡᠯᠡᠬᠡᠢ ᠶᠢᠨ ᠮᠠᠯᠵᠢᠯ ᠤᠨ ᠲᠠᠯᠠᠪᠠᠶ︾ ︽ᠳᠡᠭᠡᠳᠦ ᠲᠠᠰ ᠤᠨ ᠦᠢᠯᠡᠳᠬᠦ ᠦᠢᠯᠡᠰ ᠪᠣᠬᠢᠷᠲᠤᠯ ᠦᠭᠡᠢ ᠳᠤ ᠬᠡᠯᠪᠡᠷᠢ ᠪᠠᠨ ᠬᠤᠪᠢᠷᠠᠭᠤᠯᠬᠤ︾ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢᠶᠠᠷ ᠰᠢᠨ᠎ᠡ ᠤᠷᠤᠰᠬᠠᠯ ᠢ ᠬᠥᠲᠥᠯᠬᠦ︾ ᠳᠥᠷᠪᠡᠨ ᠶᠡᠭᠡ ᠭᠤᠣᠯ ᠰᠡᠳᠦᠪᠲᠦ ᠬᠠᠪᠲᠠᠭᠠᠢ ᠭᠠᠷᠭᠠᠵᠠᠢ᠃ ᠮᠠᠨ ᠤ ᠬᠤᠲᠠ ᠶᠢᠨ ᠢᠯᠢ᠂ ᠮᠧᠩ ᠨᠢᠦ ᠂ ᠮᠧᠩ ᠼᠤᠤ᠂ ᠶᠢᠨ ᠢᠦᠢ ᠪᠦᠦ ᠯᠢᠩ᠂ ᠳ᠋ᠠ ᠲᠠᠩ ᠡᠮ ᠤᠨ ᠦᠢᠯᠡᠰ᠂ ᠰᠢᠨᠬᠤᠸᠠ ᠲᠠᠷᠬᠠᠭᠠᠯᠲᠠ᠂ ᠶᠠᠨ ᠬᠥ᠋ ᠹᠠᠩ ᠂ ᠯᠣᠸ ᠰᠦᠢ ᠶᠤᠸᠠᠨ ᠵᠡᠷᠭᠡ ᠣᠷᠣᠨ ᠨᠤᠲᠤᠭ ᠤᠨ 8 ᠠᠵᠤ ᠠᠬᠤᠶᠢᠯᠠᠯ ᠰᠢᠯᠢᠳᠡᠭ ᠪᠦᠲᠦᠭᠡᠭᠳᠡᠬᠦᠨ ᠢᠶᠠᠨ ᠲᠥᠪᠯᠡᠷᠡᠭᠦᠯᠦᠨ ᠳᠡᠯᠭᠡᠨ ᠦᠵᠡᠭᠦᠯᠵᠦ᠂ ᠤᠯᠤᠰ ᠤᠨ ᠳᠣᠲᠣᠭᠠᠳᠤ ᠶᠢᠨ ᠨᠠᠷᠠᠲᠤ ᠲᠡᠮᠳᠡᠭᠲᠦ᠂ ᠠᠵᠤ ᠠᠬᠤᠶᠢᠯᠠᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠲᠠᠪᠴᠠᠩ ᠳᠡᠭᠡᠷ᠎ᠡ ᠮᠠᠨ ᠤ ᠬᠤᠲᠠ ᠶᠢᠨ ᠲᠥᠷᠥᠯ ᠲᠡᠮᠳᠡᠭᠲᠦ ᠶᠢᠨ ᠬᠦᠴᠦᠨ ᠴᠢᠳᠠᠯ ᠢ ᠬᠠᠷᠠᠭᠤᠯᠵᠤ᠂ ᠤᠳᠤᠬᠠᠨ ᠤ ᠮᠠᠨ ᠤ ᠬᠤᠲᠠ ᠶᠢᠨ ᠴᠠᠭ ᠦᠶ᠎ᠡ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠃      ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠲᠦᠷᠦᠯ ᠲᠡᠮᠳᠡᠭᠲᠦ ᠶᠢᠨ ᠪᠠᠶᠢᠭᠤᠯᠤᠯᠲᠠ ᠶᠢ ᠴᠢᠨᠠᠷ ᠰᠠᠶᠢᠲᠠᠢ ᠬᠠᠩᠭᠠᠯᠭ᠎ᠠ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠦᠢᠯᠡᠳᠪᠦᠷᠢᠯᠡᠯ ᠪᠠ ᠬᠡᠷᠡᠭᠯᠡᠭᠡ ᠶᠢᠨ ᠳᠡᠰ ᠳᠡᠪᠰᠢᠬᠦ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠴᠢᠨᠠᠷ ᠰᠠᠶᠢᠲᠠᠢ ᠦᠢᠯᠡᠴᠢᠯᠡᠭᠡ ᠪᠠ ᠦᠢᠯᠡᠳᠬᠦᠨ ᠤ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠵᠦ᠂ ᠶᠠᠰᠤ ᠴᠢᠨᠠᠷ ᠤᠨ ᠳᠠᠪᠠᠭᠤᠯᠢᠭ ᠢ ᠪᠣᠶᠢᠵᠢᠭᠤᠯᠬᠤ᠂ ᠲᠥᠷᠥᠯ ᠲᠡᠮᠳᠡᠭᠲᠦ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ᠂ ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠠᠵᠤ ᠠᠬᠤᠶᠢᠯᠠᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠲᠥᠷᠥᠯ ᠲᠡᠮᠳᠡᠭᠲᠦ ᠶᠢᠨ ᠪᠣᠶᠢᠵᠢᠯᠲᠠ ᠶᠢ ᠴᠢᠬᠤᠯᠠᠴᠢᠯᠠᠵᠤ᠂ ᠲᠥᠷᠥᠯ ᠲᠡᠮᠳᠡᠭᠲᠦ ᠶᠢᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠶᠠᠰᠤ ᠴᠢᠨᠠᠷ ᠤᠨ ᠬᠦᠴᠦᠷᠬᠡᠭ ᠬᠤᠲᠠ ᠶᠢ ᠲᠦᠷᠭᠡᠳᠬᠡᠨ ᠪᠠᠶᠢᠭᠤᠯᠵᠤ᠂ ᠪᠥᠬᠦ ᠬᠤᠲᠠ ᠶᠢᠨ ᠶᠠᠰᠤ ᠴᠢᠨᠠᠷ ᠤᠨ ᠬᠢᠷᠢ ᠲᠦᠪᠰᠢᠨ ᠪᠠ ᠲᠥᠷᠥᠯ ᠲᠡᠮᠳᠡᠭᠲᠦ ᠶᠢᠨ ᠳᠠᠪᠠᠭᠤᠯᠢᠭ ᠢ ᠦᠷᠭᠦᠯᠵᠢᠯᠡᠨ ᠳᠡᠭᠡᠭᠰᠢᠯᠡᠭᠦᠯᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号