ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 93 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 2 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/20
     5 ᠰᠠᠷ᠎ᠠ ᠶᠢᠨ 17  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 93 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ  ᠶᠢᠨ 4 ᠰᠠᠷ᠎ᠠ ᠶᠢᠨ 28  ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠡᠾᠧᠪᠸᠢ ᠶᠢᠨ ᠰᠢᠶᠦᠶᠢᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠬᠤ ᠶᠢᠨ ᠬᠠᠮᠲᠤ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 80 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠪᠦᠬᠦ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠨᠣᠬᠠᠢ ᠶᠢᠨ ᠬᠤᠰᠢᠭᠤ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ  ᠶᠠᠨ ᠬᠥ᠋ ᠹᠠᠩ ᠪᠦᠯᠦᠭᠯᠡᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠠᠵᠢᠯ ᠤᠨ ᠭᠤᠣᠯᠳᠠᠯᠭ᠎ᠠ︾ ᠶᠢ ᠬᠢᠨᠠᠨ ᠵᠦᠪᠯᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠰᠢᠶᠠᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠤᠲᠠᠯᠠᠬᠤ ᠶᠢᠨ ᠬᠠᠮᠲᠤ᠂ ᠪᠣᠳᠠᠲᠤ ᠴᠣᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠢ ᠬᠥᠭᠵᠢᠭᠦᠯᠵᠦ᠂ ᠲᠣᠬᠢᠷᠠᠭᠤᠯᠭ᠎ᠠ ᠲᠤᠭ᠎ᠠ ᠪᠦᠷᠢᠳᠬᠡᠯ ᠢ  ᠴᠢᠩᠭ᠎ᠠ ᠠᠳᠬᠤᠵᠤ᠂ ᠰᠢᠶᠠᠨ ᠤ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ᠂ ᠬᠤᠳᠠ ᠶᠢᠨ ᠪᠦᠲᠦᠭᠡᠨ ᠪᠠᠶᠢᠭᠤᠯᠤᠯᠲᠠ᠂ ᠴᠡᠴᠡᠷᠯᠢᠭ ᠢ ᠭᠤᠶᠣᠵᠢᠭᠤᠯᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠢ ᠴᠠᠭ ᠲᠤᠬᠠᠢ ᠳᠤᠨᠢ ᠳᠠᠭᠠᠵᠦ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠰᠢᠶᠠᠩ ᠪᠠᠯᠭᠠᠰᠤ ᠶᠢᠨ ᠬᠢᠨ ᠪᠣᠳᠠᠲᠠᠢ ᠪᠠᠶᠢᠳᠠᠯ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠡᠷᠡᠭᠵᠢᠭᠦᠯᠦᠯᠲᠡ ᠶᠢᠨ ᠣᠨᠴᠠᠯᠢᠭ ᠢ ᠦᠨᠳᠦᠰᠦᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠠᠳᠠᠯᠢ ᠪᠤᠰᠤ ᠬᠠᠮᠢᠶᠠᠷᠤᠨ ᠬᠠᠮᠠᠭᠠᠯᠠᠬᠤ ᠠᠷᠭ᠎ᠠ ᠬᠡᠯᠪᠡᠷᠢ ᠶᠢ ᠠᠪᠴᠤ᠂ ᠬᠠᠷᠢᠭᠤᠴᠠᠯᠭ᠎ᠠ ᠶᠢ ᠨᠠᠶᠢᠳᠠᠪᠥᠷᠢᠵᠢᠭᠤᠯᠵᠤ ᠂ ᠬᠤᠪᠢᠳᠠᠨ ᠬᠠᠮᠢᠶᠠᠷᠬᠤ ᠶᠢᠨ ᠬᠠᠮᠲᠤ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠵᠤ᠂ ᠳᠦᠷᠢᠮ ᠲᠠᠢ ᠬᠠᠮᠢᠶᠠᠷᠤᠨ ᠬᠠᠮᠠᠭᠠᠯᠠᠬᠤ ᠶᠢ ᠪᠡᠶᠡᠯᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠨᠠᠶᠢᠳᠠᠪᠤᠷᠢᠲᠠᠢ ᠠᠵᠢᠯᠯᠠᠭᠠᠨ ᠤ ᠬᠠᠮᠠᠭᠠᠯᠠᠯᠲᠠ ᠶᠢᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠶᠠᠨ ᠤ ᠪᠠᠨ ᠬᠡᠪᠴᠢᠶᠡᠨ ᠳᠤ ᠰᠠᠭᠤᠷᠢᠯᠠᠵᠤ᠂ ᠶᠠᠨ ᠬᠦ᠋ ᠹᠠᠩ ᠪᠦᠯᠦᠭᠯᠡᠯ ᠤᠨ ᠨᠣᠬᠠᠢ ᠶᠢᠨ ᠬᠤᠰᠢᠭᠤ ᠶᠢᠨ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠶᠡᠭᠡ ᠪᠠᠷ ᠳᠡᠮᠵᠢᠵᠦ᠂ ᠬᠦᠴᠦ ᠪᠠᠨ ᠬᠠᠮᠲᠤᠳᠬᠠᠨ ᠶᠠᠨ ᠬᠦ᠋ ᠹᠠᠩ ᠨᠡᠷᠡᠲᠦ ᠲᠡᠮᠳᠡᠭ ᠶᠢᠨ ᠳᠠᠶᠢᠴᠢᠯᠠᠨ ᠳᠠᠭᠠᠭᠤᠯᠬᠤ  ᠴᠢᠳᠠᠪᠦᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠬᠡᠷᠡᠭᠲᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号