ᠬᠤᠲᠠ ᠶᠢᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/24
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 5 ᠳ᠋ᠤᠭᠠᠷ ᠰᠠᠷ᠎ᠠ ᠶᠢᠨ 23 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠴᠠᠭᠠᠨ ᠰᠤᠳᠤᠯᠤᠯᠲᠠ ᠶᠢᠨ ᠮᠠᠭᠤ ᠬᠡᠯᠪᠡᠷᠢᠯ ᠢ ᠡᠷᠡᠰ ᠰᠡᠷᠭᠡᠶᠢᠯᠡᠨ ᠵᠠᠯᠠᠷᠠᠭᠤᠯᠬᠤ ᠲᠤᠬᠠᠢ ᠮᠡᠳᠡᠭᠳᠡᠯ︾ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠵᠠᠷᠢᠮ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠰᠤᠳᠤᠯᠤᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠨᠠᠮ ᠢᠶᠠᠷ ᠢᠶᠠᠨ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠢᠨ ᠶᠣᠰᠣᠭᠠᠷ᠂ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠣᠳᠣᠬᠠᠨ ᠤ ᠪᠠᠶᠢᠴᠠᠭᠠᠨ ᠰᠤᠳᠤᠯᠤᠯᠲᠠ ᠬᠢᠬᠦ ᠠᠵᠢᠯ ᠢ ᠪᠦᠬᠦ ᠲᠠᠯ᠎ᠠ ᠪᠠᠷ ᠨᠠᠷᠢᠨ ᠨᠢᠮᠪᠠᠢ ᠬᠢᠨᠠᠨ ᠰᠢᠨᠵᠢᠵᠦ ᠵᠠᠳᠠᠯᠤᠯᠲᠠ ᠬᠢᠵᠦ᠂ ᠬᠤᠯᠪᠣᠭᠳᠠᠯ ᠪᠦᠬᠦᠢ ᠠᠰᠠᠭᠤᠳᠠᠯ ᠢ ᠢᠯᠡᠷᠡᠭᠦᠯᠪᠡᠯ ᠳᠠᠷᠤᠶᠢᠬᠠᠨ ᠵᠠᠯᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠠᠵᠢᠯᠯᠠᠭᠠᠨ ᠤ ᠵᠦᠭᠯᠡᠭᠦᠷ ᠮᠥᠨ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠳᠠᠭᠠᠵᠤ ᠰᠤᠷᠤᠯᠴᠠᠬᠤ᠂ ᠳᠠᠬᠢᠨ ᠳᠠᠪᠲᠠᠨ ᠰᠤᠷᠤᠯᠴᠠᠬᠤ ᠶᠢ ᠪᠠᠷᠢᠮᠲᠠᠯᠠᠵᠤ᠂ ᠤᠳᠠᠭ᠎ᠠ ᠪᠦᠷᠢ ᠶᠢᠨ ᠰᠤᠷᠤᠯᠴᠠᠯᠭ᠎ᠠ ᠶᠢᠨ ᠰᠢᠨ᠎ᠡ ᠣᠯᠣᠯᠲᠠ ᠪᠠᠨ ᠠᠵᠢᠯ ᠤᠨ ᠳᠤᠮᠳᠠ ᠪᠠᠨ ᠦᠨᠡᠨ ᠬᠦ ᠭᠦᠢᠴᠡᠳ ᠬᠡᠷᠡᠭᠯᠡᠬᠦ ᠬᠡᠷᠡᠭᠲᠡᠢ᠃ ᠪᠣᠳᠠᠲᠠᠢ ᠠᠵᠢᠯ ᠤᠨ ᠳᠤᠮᠳᠠ᠂ ᠲᠥᠪ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠦᠨᠳᠦᠰᠦᠲᠡᠨ ᠤ ᠠᠵᠢᠯ ᠤᠨ ᠰᠠᠭᠤᠷᠢ ᠶᠢ ᠰᠠᠶᠢᠲᠤᠷ ᠪᠠᠬᠢᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠰᠠᠶᠢᠲᠤᠷ ᠰᠡᠷᠭᠡᠶᠢᠯᠡᠨ᠂ ᠲᠣᠰ ᠪᠡᠶ᠎ᠡ ᠶᠢᠨ ᠴᠢᠳᠠᠪᠤᠷᠢ ᠶᠢᠨ ᠬᠢᠷᠢ ᠲᠦᠪᠰᠢᠨ ᠢᠶᠠᠨ ᠰᠠᠶᠢᠲᠤᠷ ᠪᠣᠯᠪᠠᠰᠤᠷᠠᠭᠤᠯᠵᠤ᠂ ᠲᠥᠷᠥ ᠶᠢᠨ ᠪᠣᠳᠣᠯᠭ᠎ᠠ ᠶᠢ ᠡᠵᠡᠮᠰᠢᠨ᠂ ᠪᠠᠶᠢᠳᠠᠯ ᠢ ᠲᠣᠳᠣᠷᠬᠠᠢ ᠣᠶᠢᠯᠠᠭᠠᠵᠤ᠂ ᠦᠨᠡᠨᠬᠦ ᠠᠵᠢᠯ ᠳᠠᠭᠠᠨ ᠰᠡᠳᠬᠢᠮᠵᠢ ᠲᠠᠢ᠂ ᠰᠡᠳᠬᠢᠯ ᠳᠡᠭᠡᠨ ᠢᠲᠡᠭᠡᠯ ᠲᠠᠢ ᠪᠠᠶᠢᠵᠤ᠂ ᠣᠷᠣᠨ ᠤ ᠲᠥᠪ ᠤᠨ ᠦᠨᠳᠦᠰᠦᠲᠡᠨ ᠤ ᠠᠵᠢᠯ ᠪᠥᠬᠦ ᠣᠷᠣᠨ ᠤ ᠡᠮᠦᠨ᠎ᠡ  ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号