︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠨᠠᠷ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠠᠶᠢᠯᠴᠢᠯᠠᠵᠤ᠂ ᠰᠠᠨᠰᠠᠷ ᠤᠨ ᠠᠶᠠᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠤᠸᠠᠨ ᠵᠢᠶᠧ ᠲᠠᠢ ᠶᠠᠷᠢᠯᠴᠠᠵᠤ | ᠰᠠᠨᠠᠯ ᠢᠶᠠᠨ ᠰᠣᠯᠢᠯᠴᠠᠪᠠ᠃ | ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠬᠡᠯᠡᠬᠦ ᠳᠡᠭᠡᠨ᠂ ᠰᠠᠨᠰᠠᠷ ᠤᠨ ᠠᠶᠠᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠬᠥᠬᠡᠬᠤᠲᠠ ᠳᠤ ᠰᠠᠭᠤᠷᠢᠰᠢᠭᠰᠠᠨ | 60 ᠭᠠᠷᠤᠢ ᠵᠢᠯ ᠤᠨ ᠲᠤᠷᠰᠢ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ | ᠬᠤᠪᠢ ᠨᠡᠮᠡᠷᠢ ᠦᠵᠡᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠭᠦᠨ ᠵᠤᠵᠠᠭᠠᠨ | ᠨᠥᠬᠦᠷᠯᠡᠯ ᠲᠠᠢ ᠪᠣᠯᠵᠠᠢ᠃ ᠬᠥᠬᠡᠬᠤᠲᠠ ᠣᠳᠣᠬᠠᠨ ᠳᠤ ᠶᠠᠭ ᠰᠠᠨᠰᠠᠷ ᠤᠨ ᠠᠶᠠᠯᠠᠯ ᠤᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠢ ᠲᠦᠷᠭᠡᠳᠬᠡᠨ ᠪᠠᠶᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ | ᠠᠯᠬᠤᠮ ᠭᠦᠨᠵᠡᠭᠡᠶᠢᠷᠡᠭᠦᠯᠬᠦ ᠳᠤ ᠠᠰᠢᠭᠲᠠᠢ ᠠᠵᠠ ᠲᠣᠬᠢᠶᠠᠯ ᠬᠠᠩᠭᠠᠵᠠᠢ᠃ ᠰᠠᠨᠰᠠᠷ ᠤᠨ ᠠᠶᠠᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠬᠥᠬᠡᠬᠤᠲᠠ ᠳᠠᠬᠢ ᠠᠵᠤ ᠦᠢᠯᠡᠰ ᠤᠨ | ᠪᠠᠶᠢᠷᠢᠰᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠳᠡᠭᠡᠳᠦ | ᠲᠡᠰ ᠤᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶᠡᠨ ᠤ ᠨᠡᠩ ᠤᠯᠠᠨ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ | ᠠᠵᠤ ᠠᠬᠤᠶᠢᠯᠠᠯ ᠤᠨ ᠬᠥᠬᠡᠬᠤᠲᠠ ᠳᠤ ᠴᠤᠭᠯᠠᠷᠠᠬᠤ ᠶᠢ ᠳᠠᠶᠢᠴᠢᠯᠠᠬᠤ ᠶᠢ ᠬᠦᠰᠡᠵᠦ ᠪᠠᠶᠢᠨ᠎ᠠ ᠭᠡᠵᠡᠢ᠃ | ᠶᠤᠸᠠᠨ ᠵᠢᠶᠧ ᠬᠥᠬᠡᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠰᠠᠨᠰᠠᠷ ᠤᠨ | ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ | ᠬᠥᠭᠵᠢᠯᠲᠡ ᠳᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠰᠠᠨᠰᠠᠷ ᠤᠨ | ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠬᠥᠬᠡᠬᠤᠲᠠ ᠲᠠᠢ ᠮᠠᠰᠢ | ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠳᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠢᠶᠠᠷ ᠢᠶᠠᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠲᠦᠷᠭᠡᠨ ᠠᠬᠢᠭᠤᠯᠵᠤ᠂ ᠣᠷᠣᠨ ᠨᠤᠲᠤᠭ ᠤᠨ ᠬᠥᠭᠵᠢᠯᠲᠡ ᠶᠢᠨ | ᠬᠡᠷᠡᠭᠴᠡᠭᠡ ᠲᠠᠢ ᠭᠦᠨᠵᠡᠭᠡᠢ ᠵᠣᠯᠭᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠤᠨ᠎ᠠ ᠭᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠠᠯᠪᠠᠨ ᠭᠡᠷ ᠤᠨ ᠡᠷᠬᠢᠯᠡᠭᠴᠢ ᠴᠢ ᠱᠢ ᠯᠢᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ | ᠠᠯᠪᠠᠨ ᠭᠡᠷ ᠤᠨ ᠳᠡᠳ᠋ ᠡᠷᠬᠢᠯᠡᠭᠴᠢ ᠯᠢᠦ ᠶᠠᠨ ᠵᠢᠶᠦ᠋ᠨ᠂ ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ᠂ | ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠤᠳᠤᠷᠢᠳᠤᠯᠭ᠎ᠠ ᠰᠠᠭᠤᠳᠠᠯ ᠤᠨ ᠬᠤᠷᠠᠯ ᠳᠤ | ᠣᠷᠣᠯᠴᠠᠪᠠ᠃ |