ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠯᠠᠭᠠᠨᠲᠤᠶᠠᠭ᠎ᠠ︶ | ᠣᠶᠢᠷ᠎ᠠ ᠳᠤ᠂ ᠬᠥᠬᠡᠬᠤᠲᠠ ᠶᠢᠨ ᠠᠩᠬᠠᠳᠠᠭᠴᠢ ᠪᠠᠷᠠᠭᠠᠨ ᠤ ᠰᠦᠯᠵᠢᠶ᠎ᠡ ᠶᠢᠨ ᠠᠵᠤ ᠦᠢᠯᠡᠰ ᠤᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ — ᠪᠠᠷᠠᠭᠠᠨ ᠤ ᠰᠦᠯᠵᠢᠶ᠎ᠡ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠪᠠᠶᠢᠭᠤᠯᠤᠭᠳᠠᠪᠠ᠃ | ᠪᠠᠷᠠᠭᠠᠨ ᠤ ᠰᠦᠯᠵᠢᠶ᠎ᠡ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ | ᠪᠠᠶᠢᠭᠤᠯᠤᠭᠳᠠᠭᠰᠠᠨ ᠨᠢ ᠬᠥᠬᠡᠬᠤᠲᠠ ᠶᠢᠨ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ︽ᠮᠧᠩ ᠺᠧ ᠵᠢᠦᠢ︾ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠢ ᠪᠠᠶᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠣᠨ᠎ᠠ᠃ ᠰᠢᠨ᠎ᠡ ᠶᠢ | ᠡᠭᠦᠳᠬᠦ ᠬᠤᠯᠪᠣᠭᠠᠲᠤ ᠴᠣᠭᠴᠠ ᠨᠢ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠷ ᠲᠦᠷᠦᠭᠦᠯᠡᠭᠦᠯᠵᠦ᠂ ᠥᠪᠥᠷ ᠮᠣᠩᠭᠤᠯ ᠤᠨ | ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠯᠧᠺᠲᠷᠣᠨ ᠮᠡᠳᠡᠭᠡ | ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠬᠥᠬᠡᠬᠤᠲᠠ ᠶᠢᠨ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠭᠤᠯᠢ᠂ | ᠡᠮ ᠡᠮᠨᠡᠯᠭᠡ᠂ ᠠᠵᠢᠯ ᠲᠦᠷᠦᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ 9 | ᠨᠢᠭᠡᠴᠢ ᠲᠠᠢ ᠬᠤᠯᠪᠤᠭᠠᠯᠠᠨ᠂ ᠮᠡᠷᠭᠡᠵᠢᠯ᠂ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ᠂ ᠴᠢᠳᠠᠪᠤᠷᠢᠲᠠᠨ᠂ | ᠪᠡᠯᠡ ᠮᠥᠩᠭᠦ ᠵᠡᠷᠭᠡ ᠰᠢᠨ᠎ᠡ ᠶᠢ ᠡᠭᠦᠳᠬᠦ ᠰᠢᠯᠢᠳᠡᠭ ᠡᠬᠢ ᠪᠠᠶᠠᠯᠢᠭ ᠤᠨ ᠡᠯᠧᠮᠧᠨ᠋ᠲ ᠢ ᠭᠦᠢᠴᠡᠳ ᠴᠡᠭᠴᠡᠯᠡᠨ | ᠨᠡᠶᠢᠳᠭᠡᠵᠦ᠂ ᠣᠲᠣ ᠦᠶ᠎ᠡ ᠶᠢᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠲᠠᠯ᠎ᠠ ᠪᠠᠷ ᠨᠠᠩ ᠶᠡᠭᠡ ᠠᠬᠢᠯᠲᠠ ᠲᠠᠢ | ᠪᠣᠯᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ | ᠨᠠᠶᠢᠳᠠᠪᠤᠷᠢᠵᠢᠭᠤᠯᠬᠤ ᠶᠢ ᠲᠦᠷᠭᠡᠪᠴᠢᠯᠡᠨ ᠠᠬᠢᠭᠤᠯᠵᠤ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ | ᠬᠡᠯᠬᠢᠶ᠎ᠡ᠂ ᠪᠡᠯᠡ ᠮᠦᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ | ᠪᠣᠯᠣᠨ᠎ᠠ᠃ | ᠣᠶᠢᠯᠠᠭᠠᠭᠰᠠᠨ ᠢᠶᠠᠷ᠂ ᠦᠪᠦᠷ ᠮᠤᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠪᠤᠯ ᠦᠪᠡᠷᠲᠡᠭᠡᠨ ᠵᠠᠰᠠᠬᠤ ᠤᠷᠤᠨ ᠤ ᠴᠤᠷ ᠤᠨ ᠭᠠᠭᠴᠠ | ᠨᠠᠨᠤᠮᠧᠲᠷ ᠤᠨ ᠮᠠᠲ᠋ᠧᠷᠢᠶᠠᠯ᠂ ᠴᠠᠬᠢᠮ ᠤᠨ ᠵᠢᠷᠤᠭ ᠲᠦᠯᠦᠪᠯᠡᠭᠡ ᠵᠡᠷᠭᠡ ᠳᠡᠭᠡᠳᠦ ᠳᠡᠰ ᠤᠨ ᠦᠢᠯᠡᠳᠬᠦ ᠦᠢᠯᠡᠰ + | ᠮᠡᠳᠡᠭᠡ ᠵᠠᠩᠭᠢ ᠶᠢᠨ ᠦᠢᠯᠡᠴᠢᠯᠡᠭᠡ ᠶᠢ ᠬᠠᠮᠤᠷᠤᠭᠰᠠᠨ ᠰᠢᠶᠠᠩᠭᠠᠩ ᠠᠴᠠ ᠪᠡᠯᠡ ᠤᠷᠤᠭᠤᠯᠤᠭᠰᠠᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠠᠶᠢᠵᠤ᠂ ᠬᠤᠶᠠᠷ ᠵᠦᠢᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠪᠦᠳᠦᠭᠡᠭᠳᠡᠬᠦᠨ ᠤ ᠦᠮᠴᠢᠯᠡᠯ ᠤᠨ ᠡᠷᠬᠡ ᠲᠠᠢ ᠳᠡᠯᠡᠬᠡᠢ ᠶᠢᠨ ᠲᠡᠷᠢᠭᠦᠨ ᠵᠡᠷᠭᠡ ᠶᠢᠨ ᠮᠡᠷᠭᠡᠵᠢᠯ ᠤᠨ ᠺᠤᠮᠫᠠᠨᠢ | ᠪᠣᠯᠣᠨ᠎ᠠ᠃ |