ᠮᠠᠨ ᠤ ᠬᠤᠲᠠ ᠶᠢᠨ ᠡᠨᠡ ᠵᠢᠯ ᠤᠨ ᠨᠢᠭᠡᠳᠦᠭᠡᠷ ᠪᠦᠯᠦᠭ ᠤᠨ ᠬᠥᠮᠥᠷᠭᠡ ᠳᠤ ᠪᠦᠷᠢᠳᠬᠡᠭᠳᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠪᠥᠬᠦ ᠣᠷᠣᠨ ᠤ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2023/5/4
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠵᠢᠶᠠ ᠿᠦᠢ ᠱᠧᠩ  ᠹᠧᠩ ᠲᠤᠤ︶ 4 ᠳ᠋ᠦ᠋ᠭᠡᠷ ᠰᠠᠷ᠎ᠠ ᠶᠢᠨ 28 ᠤ ᠡᠳᠦᠷ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ 2023 ᠣᠨ ᠤ ᠨᠢᠭᠡᠳᠦᠭᠡᠷ ᠪᠦᠯᠦᠭ ᠤᠨ 280 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠷᠡᠰ ᠨᠡᠶᠢᠲᠡᠯᠡᠭᠳᠡᠵᠦ᠂ ᠮᠠᠨ ᠤ ᠬᠤᠳᠠ ᠶᠢᠨ 113 ᠠᠵᠤ ᠠᠬᠤᠶᠢᠯᠠᠯ ᠡᠭᠦᠨ ᠳᠤ ᠪᠠᠭᠲᠠᠵᠤ᠂ ᠪᠦᠬᠦ ᠣᠷᠣᠨ ᠤ ᠬᠥᠮᠥᠷᠭᠡ ᠳᠤ ᠪᠦᠷᠢᠳᠬᠡᠭᠳᠡᠭᠰᠡᠨ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢᠨ 40.35%  ᠢ ᠡᠵᠡᠯᠡᠵᠦ᠂ ᠪᠦᠬᠦ ᠣᠷᠣᠨ ᠤ ᠲᠡᠷᠢᠭᠦᠨ ᠳᠤ ᠣᠷᠣᠪᠠ᠃      ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠦᠨᠡᠯᠡᠨ ᠬᠥᠮᠥᠷᠭᠡ ᠳᠤ ᠪᠦᠷᠢᠳᠬᠡᠬᠦ ᠠᠵᠢᠯ ᠢ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠬᠤ ᠶᠢ ᠲᠦᠷᠭᠡᠳᠬᠡᠬᠦ᠂ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠪᠠᠷ ᠦᠢᠯᠡᠴᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠲᠦᠷᠭᠡᠳᠬᠡᠬᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠨᠡᠩ ᠤᠯᠠᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠬᠦᠴᠦᠷᠬᠡᠭᠵᠢᠨ ᠰᠢᠯᠢᠳᠡᠭᠵᠢᠬᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠨᠢ ᠨᠢᠭᠡᠨᠲᠡ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠠᠵᠤ ᠠᠬᠤᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ᠂ ᠠᠵᠤ ᠦᠢᠯᠡᠳᠪᠦᠷᠢ ᠶᠢᠨ ᠳᠤᠲᠠᠭᠤᠳᠠᠯ ᠢ ᠨᠥᠬᠦᠪᠦᠷᠢᠯᠡᠬᠦ᠂ ᠰᠢᠨ᠎ᠡ ᠶᠢ ᠡᠭᠦᠳᠦᠨ ᠬᠥᠭᠵᠢᠬᠦ ᠴᠢᠬᠤᠯᠠ ᠬᠦᠴᠦᠨ ᠪᠣᠯᠤᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠪᠠᠶᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ —ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ — ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ︾ ᠢ ᠱᠠᠲᠤᠯᠠᠨ ᠬᠥᠮᠥᠵᠢᠭᠦᠯᠬᠦ ᠰᠢᠰᠲ᠋ᠧᠮ ᠢ ᠪᠦᠷᠢᠯᠳᠦᠭᠦᠯᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠵᠦ᠂ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠤᠨ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠵᠦ᠂ ᠰᠤᠳᠤᠯᠤᠨ ᠨᠡᠭᠡᠭᠡᠬᠦ ᠣᠷᠤᠭᠤᠯᠤᠯᠲᠠ ᠪᠠᠨ ᠨᠡᠮᠡᠭᠳᠡᠭᠦᠯᠦᠨ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠣᠯᠠᠨ ᠵᠦᠢᠯ ᠤᠨ ᠬᠡᠯᠪᠡᠷᠢ ᠶᠢᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠵᠦ᠂ 2023 ᠣᠨ ᠤ ᠵᠢᠯ ᠤᠨ ᠡᠴᠦᠰ ᠲᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠲᠣᠰ ᠲᠣᠰ 500᠂ 560 ᠠᠴᠠ ᠳᠠᠪᠠᠭᠤᠯᠬᠤ ᠪᠠᠷ ᠴᠢᠷᠮᠠᠶᠢᠵᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠨ᠎ᠡ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号