ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/4
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠭᠠᠯ ᠤᠨᠲᠠᠷᠠᠭᠠᠬᠤ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ ᠣᠷᠣᠨ ᠤ ᠲᠥᠪ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︽2023 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠰᠥᠯ︾ ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠭᠰᠠᠨ ᠨᠢ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ᠃ ᠬᠥᠬᠡᠬᠤᠲᠠ ᠨᠢ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ᠂ ᠮᠣᠩᠭᠤᠯ ᠣᠷᠣᠰ ᠡᠸᠦ᠋ᠷᠦᠫᠡ ᠳᠤ ᠬᠠᠨᠳᠤᠭᠤᠯᠤᠭᠰᠠᠨ ︽ᠪᠥᠬᠦ ᠲᠠᠯ᠎ᠠ ᠶᠢᠨ ᠭᠠᠳᠠᠭᠠᠳᠤ ᠨᠡᠭᠡᠭᠡᠯᠲᠡ ᠶᠢᠨ ᠬᠦᠷᠢᠶ᠎ᠡ︾ ᠶᠢ ᠬᠦᠴᠦᠯᠡᠨ ᠪᠠᠶᠢᠭᠤᠯᠵᠤ᠂ ᠪᠣᠭᠤᠮᠲᠠ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠨᠡᠭᠡᠭᠡᠯᠲᠡ ᠶᠢᠨ ᠲᠠᠪᠴᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠭᠠᠳᠠᠭᠠᠳᠤ ᠶᠢᠨ ᠪᠡᠯᠡ ᠶᠢ ᠠᠰᠢᠭᠯᠠᠬᠤ ᠶᠠᠰᠤ ᠴᠢᠨᠠᠷ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ︽ᠭᠠᠳᠠᠭᠰᠢ ᠭᠠᠷᠬᠤ︾ ᠠᠯᠬᠤᠴᠠ ᠶᠢ ᠲᠦᠷᠭᠡᠳᠬᠡᠬᠦ ᠬᠡᠷᠡᠭᠲᠡᠢ᠃ ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠴᠢᠩᠭᠠᠷᠠᠭᠤᠯᠤᠨ᠂ ᠮᠠᠨ ᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠣᠳᠣᠬᠠᠨ ᠤ ᠮᠠᠨ ᠤ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠳᠤᠲᠠᠭᠳᠠᠯ ᠢ ᠦᠨᠡᠨ ᠬᠦ ᠰᠢᠢᠳᠪᠦᠷᠢᠯᠡᠵᠦ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ᠂ ᠭᠠᠯ ᠤᠨᠲᠠᠷᠠᠭᠠᠬᠤ ᠤᠰᠤᠨ ᠤ ᠰᠤᠷᠪᠤᠯᠵᠢ ᠶᠢᠨ ᠪᠠᠶᠢᠭᠤᠯᠤᠯᠲᠠ ᠠᠷᠠᠴᠢᠯᠠᠯᠲᠠ᠂ ᠭᠠᠯ ᠤᠨᠲᠠᠷᠠᠭᠠᠬᠤ ᠠᠩᠭᠢ ᠥᠷᠲᠡᠭᠡᠨ ᠤ ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ᠂ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠪᠠᠶᠢᠭᠤᠯᠤᠯᠲᠠ ᠵᠡᠷᠭᠡ ᠶᠢ ᠴᠢᠩᠭᠠᠳᠬᠠᠵᠤ᠂ ᠣᠷᠣᠨ ᠤ ᠲᠥᠪ ᠤᠨ ᠭᠠᠯ ᠤᠨᠲᠠᠷᠠᠭᠠᠬᠤ ᠠᠶᠤᠯᠭᠦᠢ ᠶᠢᠨ ᠵᠠᠰᠠᠯᠲᠠ ᠶᠢᠨ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠳᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠰᠥᠯ ᠳᠤ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠨ᠂ ᠨᠠᠮ ᠤᠨ ᠵᠣᠷᠢᠯᠲᠠ ᠶᠢ ᠬᠠᠷᠠᠭᠤᠯᠵᠤ᠂ ᠠᠷᠠᠳ ᠲᠦᠮᠡᠨ ᠤ ᠬᠦᠰᠡᠯ ᠵᠣᠷᠢᠭ ᠢ ᠲᠤᠰᠬᠠᠵᠤ᠂ ᠥᠷᠭᠡᠨ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号