ᠬᠦᠬᠡᠬᠤᠳᠠ ᠪᠤᠭᠤᠳᠤ ᠤᠷᠳᠤᠰ ᠦᠬᠠᠢ ᠮᠡᠳᠡᠯᠬᠡ ᠶᠢᠨ ᠦᠮᠴᠢᠯᠡᠯ ᠤᠨ ᠡᠷᠬᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ ᠪᠣᠢ
ᠨᠡᠶᠢᠲᠡᠯᠡᠭᠰᠡᠨ ᠴᠠᠭ᠄
2023/5/5
     ︵ᠰᠤᠷᠪᠤᠯᠵᠢᠯᠠᠬᠴᠢ ᠰᠢᠨᠡᠪᠢᠯᠢᠭ︶ ᠣᠶᠢᠷ᠎ᠠ ᠶᠢᠨ ᠡᠳᠦᠷ᠂ ᠬᠦᠬᠡᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠠᠴᠠ ᠭᠤᠤᠯᠯᠠᠨ ᠤᠳᠤᠷᠢᠳᠴᠤ᠂ ᠪᠤᠭᠤᠳᠤ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠣᠷᠳᠣᠰ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠦᠬᠠᠢ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠠᠴᠠ ᠬᠠᠮᠳᠤᠷᠠᠨ ᠤᠷᠤᠯᠴᠠᠬᠰᠠᠨ ︽︿ᠬᠦᠬᠡᠬᠤᠳᠠ ᠪᠤᠭᠤᠳᠤ ᠤᠷᠳᠤᠰ ᠦᠬᠠᠢ﹀ ᠶᠢᠨ ᠮᠡᠳᠡᠯᠬᠡ ᠶᠢᠨ ᠦᠮᠴᠢᠯᠡᠯ ᠤᠨ ᠡᠷᠬᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠬᠤ ᠲᠤᠬᠠᠢ ᠰᠠᠨᠠᠯ︾ ᠳᠤ ᠬᠠᠮᠲᠤ ᠪᠠᠷ ᠭᠠᠷ ᠤᠨ ᠦᠰᠦᠭ ᠵᠢᠷᠤᠵᠠᠢ᠃      ᠳᠤᠰ ︽ᠰᠠᠨᠠᠯ︾ ᠳᠤ᠂ ᠳᠥᠷᠪᠡᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ︽ᠳᠥᠷᠪᠡᠨ ᠶᠡᠭᠡ ᠠᠵᠢᠯ ᠤᠨ ᠲᠣᠭᠲᠠᠴᠠ︾ ᠶᠢᠨ ᠲᠣᠭᠤᠷᠢᠨ ᠳᠤ ᠭᠦᠨᠵᠡᠭᠡᠶ ᠬᠠᠮᠵᠢᠯᠴᠠᠭ᠎ᠠ ᠶᠢ ᠠᠬᠢᠭᠤᠯᠵᠦ᠂ ᠪᠠᠶᠢᠩᠭᠤᠵᠢᠭᠰᠠᠨ ᠨᠡᠪᠲᠡᠷᠡᠯᠴᠡᠨ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠂ ᠣᠷᠣᠨ ᠪᠦᠰᠡ ᠠᠯᠤᠰᠯᠠᠭᠰᠠᠨ ᠬᠡᠷᠡᠭ ᠰᠢᠢᠳᠪᠦᠷᠢᠯᠡᠬᠦ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠮᠡᠳᠡᠯᠭᠡ ᠶᠢᠨ ᠥᠮᠴᠢᠯᠡᠬᠦ ᠡᠷᠬᠡ ᠶᠢᠨ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ᠂ ᠤᠷᠤᠨ ᠪᠦᠰᠡ ᠠᠯᠤᠰᠯᠠᠬᠰᠠᠨ ᠴᠢᠳᠠᠪᠤᠷᠢᠳᠠᠨ ᠢ ᠬᠦᠮᠦᠵᠢᠬᠦᠯᠬᠦ ᠲᠤᠬᠳᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠭᠡᠵᠦ ᠲᠣᠳᠣᠷᠬᠠᠶᠢᠯᠠᠪᠠ᠃      ᠳᠤᠰ ︽ᠰᠠᠨᠠᠯ︾ ᠳᠤ᠂ ᠳᠥᠷᠪᠡᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠳᠥᠷᠪᠡᠨ ᠭᠠᠵᠠᠷ ᠤᠨ ᠳᠡᠭᠡᠳᠦ ᠰᠢᠨ᠎ᠡ ᠮᠡᠷᠭᠡᠵᠢᠯ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ᠂ ᠨᠠᠷᠠᠲᠤ ᠰᠢᠯᠢᠳᠡᠭ ᠣᠨᠴᠠ ᠭᠠᠷᠤᠯᠲᠠ ᠶᠢᠨ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭᠲᠦ ᠦᠢᠯᠡᠳᠬᠦᠨ ᠵᠡᠷᠭᠡ ᠲᠠᠯ᠎ᠠ ᠶᠢᠨ ᠲᠤᠭᠤᠷᠢᠨ ᠳᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠶᠢᠴᠠᠭᠠᠬᠤ ᠠᠵᠢᠯ ᠤᠨ ᠭᠠᠵᠠᠷ ᠣᠷᠣᠨ ᠠᠯᠤᠰᠯᠠᠨ ᠬᠠᠮᠵᠢᠯᠴᠠᠨ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠵᠤ᠂ ︽ᠬᠥᠬᠡᠬᠤᠲᠠ ᠪᠤᠭᠤᠲᠤ ᠣᠷᠳᠣᠰ ᠦᠬᠠᠢ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠠᠲᠤᠯᠠᠨ᠎ᠠ ᠬᠡᠵᠦ ᠴᠢᠬᠤᠯᠠᠴᠢᠯᠠᠬᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号