ᠬᠥᠬᠡᠬᠤᠲᠠ ᠶᠢᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠵᠢᠩᠬᠢᠨᠢ ᠪᠠᠷ ᠡᠬᠢᠯᠡᠯ᠎ᠡ
ᠨᠡᠶᠢᠲᠡᠯᠡᠭᠰᠡᠨ ᠴᠠᠭ᠄
2023/5/5
     ᠣᠶᠢᠷ᠎ᠠ ᠳᠤ᠂ ᠬᠥᠬᠡᠬᠤᠲᠠ ᠶᠢᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠵᠢᠩᠬᠢᠨᠢ ᠪᠠᠷ ᠡᠬᠢᠯᠡᠵᠦ᠂ ᠡᠨᠡ ᠵᠢᠯ 309 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠᠷ ᠪᠠᠶᠢᠨ᠎ᠠ᠃ ᠡᠭᠦᠨ ᠳᠤ᠂ ᠢᠦ᠋ᠢᠴᠢᠤᠸᠠᠨ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠨᠢ ᠨᠡᠶᠢᠲᠡ 78 ᠰᠠᠭᠤᠭᠠᠯᠢ ᠠᠷᠠᠳ ᠤᠨ ᠲᠣᠭᠤᠷᠢᠭ ᠤᠨ 10272 ᠡᠷᠦᠬᠡ ᠶᠢᠨ 205 ᠰᠠᠭᠤᠷᠢ ᠠᠰᠠᠷ ᠲᠤ ᠬᠤᠯᠪᠣᠭᠳᠠᠵᠤ᠂ ᠪᠠᠷᠢᠯᠭ᠎ᠠ ᠶᠢᠨ ᠲᠠᠯᠠᠪᠠᠶ ᠨᠢ 77.49 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠦᠯᠦᠪᠯᠡᠨ ᠪᠤᠳᠤᠭᠰᠠᠨ ᠢᠶᠠᠷ 4.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠣᠯᠣᠨ᠎ᠠ᠃ ᠵᠢᠷᠤᠭ ᠪᠤᠯ ᠠᠵᠢᠯᠴᠢᠳ ᠬᠥᠬᠡᠬᠤᠲᠠ ᠶᠢᠨ ᠢᠦ᠋ᠢᠴᠢᠤᠸᠠᠨ ᠲᠣᠭᠤᠷᠢᠭ ᠤᠨ ᠹᠠᠩ ᠴᠢᠩ ᠶᠤᠸᠠᠨ ᠰᠠᠭᠤᠭᠠᠯᠢ ᠠᠷᠠᠳ ᠤᠨ ᠲᠤᠭᠤᠷᠢᠭ ᠤᠨ ᠬᠤᠶᠠᠳᠤᠭᠠᠷ ᠲᠣᠭᠤᠷᠢᠭ ︵ᠡᠮᠦᠨ᠎ᠡ ᠲᠣᠭᠤᠷᠢᠭ︶ ᠲᠤ ᠴᠠᠬᠤᠯᠠᠭᠤᠷ ᠪᠣᠰᠬᠠᠵᠤ ᠪᠠᠶᠢᠭ᠎ᠠ ᠨᠢ᠃ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号