ᠮᠠᠨ ᠤ ᠬᠤᠲᠠ ᠶᠢᠨ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ ᠵᠠᠷᠤᠳᠠᠯ ᠢ ᠡᠮᠴᠢᠯᠡᠭᠡᠨ ᠤ ᠪᠠᠲᠤᠯᠠᠭ᠎ᠠ ᠠᠴᠠ ᠭᠠᠷᠭᠠᠬᠤ ᠪᠣᠯᠪᠠ
ᠨᠡᠶᠢᠲᠡᠯᠡᠭᠰᠡᠨ ᠴᠠᠭ᠄
2023/5/5
      ︵ᠰᠤᠷᠪᠤᠯᠵᠢᠯᠠᠭᠴᠢ ᠯᠢᠶᠠᠩ ᠵᠢᠩ ᠱᠤ᠋︶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ 4 ᠳ᠋ᠦ᠋ᠭᠡᠷ ᠰᠠᠷ᠎ᠠ ᠶᠢᠨ 29 ᠤ ᠡᠳᠦᠷ ᠤᠨ ᠲᠡᠭ ᠴᠠᠭ ᠠᠴᠠ ᠡᠬᠢᠯᠡᠨ᠂ ᠮᠠᠨ ᠤ ᠬᠤᠲᠠ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠰᠦᠢᠳᠬᠡᠯ︶ ᠤᠨ ᠦᠨ᠎ᠡ ᠳᠤ ᠲᠣᠬᠢᠷᠠᠭᠤᠯᠤᠯᠲᠠ ᠬᠢᠬᠦ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠠᠢ᠃ ᠡᠩ ᠤᠨ ᠳ᠋ᠤᠭᠠᠷᠯᠠᠬᠤ ᠵᠠᠷᠤᠳᠠᠯ᠂ ᠳᠡᠳ᠋ ᠡᠷᠬᠢᠯᠡᠭᠴᠢ ᠡᠮᠴᠢ ᠶᠢᠨ ᠳ᠋ᠤᠭᠠᠷᠯᠠᠬᠤ ᠵᠠᠷᠤᠳᠠᠯ᠂ ᠡᠷᠬᠢᠯᠡᠭᠴᠢ ᠡᠮᠴᠢ ᠶᠢᠨ ᠳ᠋ᠤᠭᠠᠷᠯᠠᠬᠤ ᠵᠠᠷᠤᠳᠠᠯ ᠢ ᠲᠣᠰ ᠲᠣᠰ 15 ᠲᠥᠭᠦᠷᠢᠭ / ᠤᠳᠠᠭ᠎ᠠ᠂ 20 ᠲᠥᠭᠦᠷᠢᠭ / ᠤᠳᠠᠭ᠎ᠠ᠂ 30 ᠲᠥᠭᠦᠷᠢᠭ / ᠤᠳᠠᠭ᠎ᠠ ᠪᠣᠯᠭᠠᠨ ᠲᠣᠬᠢᠷᠠᠭᠤᠯᠪᠠ︔ ᠡᠭᠦᠳᠡᠨ ᠡᠮᠨᠡᠯᠭᠡ ᠶᠢᠨ ᠳ᠋ᠤᠭᠠᠷᠯᠠᠬᠤ ᠵᠠᠷᠤᠳᠠᠯ ᠳᠤ ᠲᠦᠷᠭᠡᠨ ᠡᠮᠨᠡᠯᠭᠡ ᠶᠢᠨ ᠳ᠋ᠤᠭᠠᠷᠯᠠᠬᠤ ᠵᠠᠷᠤᠳᠠᠯ ᠢ ᠪᠠᠭᠲᠠᠭᠠᠵᠤ ᠡᠮᠴᠢᠯᠡᠭᠡᠨ ᠤ ᠪᠠᠲᠤᠯᠠᠭ᠎ᠠ ᠶᠢᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠂ 80% ᠶᠢᠨ ᠬᠠᠷᠢᠴᠠᠯ ᠢᠶᠠᠷ ᠲᠥᠯᠥᠨ᠎ᠡ︔ ᠡᠭᠦᠳᠡᠨ ᠡᠮᠨᠡᠯᠭᠡ ᠶᠢᠨ ᠳ᠋ᠤᠭᠠᠷᠯᠠᠬᠤ ᠰᠦᠢᠳᠬᠡᠯ ᠳᠤ ᠲᠦᠷᠭᠡᠨ ᠡᠮᠨᠡᠯᠭᠡ ᠶᠢᠨ ᠳ᠋ᠤᠭᠠᠷᠯᠠᠬᠤ ᠰᠦᠢᠳᠬᠡᠯ ᠢ ᠪᠠᠭᠲᠠᠭᠠᠵᠤ ᠣᠳᠣᠬᠠᠨ ᠳᠤ ᠵᠥᠪᠬᠡᠨ ᠬᠥᠮᠥᠨ ᠤ ᠬᠦᠴᠦᠨ ᠤ ᠴᠣᠩᠬᠤᠨ ᠳᠤ ᠳ᠋ᠤᠭᠠᠷᠯᠠᠬᠤ ᠦᠶ᠎ᠡ ᠳᠤ ᠵᠡᠷᠭᠡ ᠪᠠᠷ ᠲᠠᠩᠰᠠ ᠳᠡᠶᠢᠯᠵᠦ ᠪᠣᠯᠣᠨ᠎ᠠ᠂ ᠳ᠋ᠤᠭᠠᠷᠯᠠᠭᠰᠠᠨ ᠤ ᠳᠠᠷᠠᠭ᠎ᠠ ᠨᠥᠬᠦᠵᠦ ᠲᠠᠶᠢᠯᠬᠤ ᠦᠭᠡᠢ︔ ᠡᠭᠦᠳᠡᠨ ᠡᠮᠨᠡᠯᠭᠡ ᠶᠢᠨ ᠳ᠋ᠤᠭᠠᠷᠯᠠᠭᠰᠠᠨ ᠵᠠᠷᠤᠳᠠᠯ ᠤᠨ ᠲᠠᠩᠰᠠ ᠲᠠᠶᠢᠯᠬᠤ ᠦᠶ᠎ᠡ ᠳᠤ᠂ ᠡᠪᠡᠳᠴᠢᠲᠡᠨ ᠪᠡᠶ᠎ᠡ ᠶᠢᠨ ᠦᠨᠡᠮᠯᠡᠯ / ᠡᠮᠴᠢᠯᠡᠭᠡᠨ ᠤ ᠳᠠᠭᠠᠳᠬᠠᠯ ᠤᠨ ᠺᠠᠷᠲ / ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠠᠨ ᠬᠠᠩᠭᠠᠬᠤ ᠬᠡᠷᠡᠭᠲᠡᠢ᠂ ᠬᠡᠷᠪᠡ ᠡᠪᠡᠳᠴᠢᠲᠡᠨ ᠳᠡᠭᠡᠷᠡᠬᠢ ᠭᠡᠷᠡᠴᠢ ᠪᠠᠷᠢᠮᠲᠠ ᠶᠢ ᠬᠠᠩᠭᠠᠵᠤ ᠳᠡᠶᠢᠯᠬᠦ ᠦᠭᠡᠢ ᠪᠣᠯ ᠡᠮᠴᠢᠯᠡᠭᠡᠨ ᠤ ᠳᠠᠭᠠᠳᠬᠠᠯ ᠠᠴᠠ ᠲᠠᠩᠰᠠ ᠲᠠᠶᠢᠯᠬᠤ ᠶᠢᠨ ᠠᠷᠭ᠎ᠠ ᠦᠭᠡᠢ ᠪᠣᠯᠣᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠵᠠᠷᠤᠳᠠᠯ︶ ᠤᠨ ᠲᠠᠩᠰᠠ ᠲᠠᠶᠢᠯᠬᠤ ᠳᠤ ᠵᠥᠪᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ᠴᠢᠭᠯᠡᠭᠦᠯᠵᠦ᠂ ᠬᠤᠪᠢ ᠶᠢᠨ ᠵᠠᠷᠤᠳᠠᠯ ᠪᠠ ᠪᠤᠰᠤᠳ ᠮᠤᠵᠢ ᠬᠤᠲᠠ ᠶᠢᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠲᠣᠰ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠬᠦᠷᠲᠡᠬᠦ ᠦᠭᠡᠢ᠃ ᠣᠳᠣᠬᠠᠨ ᠳᠤ ᠮᠠᠨ ᠤ ᠬᠤᠲᠠ ᠶᠢᠨ ᠢᠨᠲ᠋ᠧᠷ ᠰᠦᠯᠵᠢᠶᠡᠨ ᠤ ᠰᠢᠰᠲ᠋ᠧᠮ ︵ᠸᠢᠴᠠᠲ᠂ ᠲᠣᠭᠠᠴᠠᠭ᠎ᠠ ᠡᠷᠳᠡᠨᠢ᠂ App᠂ ᠥᠪᠡᠰᠦᠪᠡᠨ ᠦᠢᠯᠡᠴᠢᠯᠡᠬᠦ ᠮᠠᠰᠢᠨ︶ ᠤᠨ ᠳ᠋ᠤᠭᠠᠷᠯᠠᠬᠤ ᠳᠤ ᠤᠤᠯ ᠤᠨ ᠦᠨ᠎ᠡ ᠶᠢ ᠲᠦᠷ ᠬᠡᠷᠡᠭᠵᠢᠭᠦᠯᠵᠦ ᠪᠠᠶᠢᠨ᠎ᠠ᠂ ᠰᠦᠯᠵᠢᠶᠡᠨ ᠳᠡᠭᠡᠷ᠎ᠡ ᠳ᠋ᠤᠭᠠᠷᠯᠠᠬᠤ ᠶᠢ ᠰᠣᠩᠭᠤᠭᠰᠠᠨ ᠡᠪᠡᠳᠴᠢᠲᠡᠨ ᠤ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠰᠦᠢᠳᠬᠡᠯ︶ ᠤᠨ ᠲᠠᠩᠰᠠ ᠶᠢ ᠲᠠᠶᠢᠯᠬᠤ ᠦᠭᠡᠢ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号