ᠾᠧ ᠬᠠᠢ ᠳ᠋ᠦᠩ ᠬᠠᠭᠤᠴᠢᠨ ᠴᠡᠴᠡᠷᠯᠢᠭ ᠢ ᠬᠠᠮᠠᠭᠠᠯᠠᠨ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/6
      ︵ᠰᠤᠷᠪᠤᠯᠵᠢᠯᠠᠭᠴᠢ ᠯᠢᠶᠠᠩ ᠵᠢᠩ ᠱᠸ︶ 5 ᠳ᠋ᠤᠭᠠᠷ ᠰᠠᠷ᠎ᠠ ᠶᠢᠨ 5 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠨᠠᠷ ᠮᠠᠨ ᠤ ᠬᠤᠳᠠ ᠶᠢᠨ ᠬᠡᠰᠡᠭ ᠬᠠᠭᠤᠴᠢᠨ ᠴᠡᠴᠡᠷᠯᠢᠭ ᠢ ᠬᠠᠮᠠᠭᠠᠯᠠᠨ ᠰᠢᠯᠢᠳᠡᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃      ᠾᠧ ᠬᠠᠢ ᠳ᠋ᠦᠩ ᠨᠠᠷ ᠤᠷᠢᠳ ᠬᠤᠵᠢᠳ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠭᠦᠩᠵᠦ ᠶᠢᠨ ᠣᠷᠳᠣᠨ ᠤ ᠴᠡᠴᠡᠷᠯᠢᠭ᠂ ᠬᠥᠬᠡᠬᠤᠲᠠ ᠶᠢᠨ ᠴᠡᠴᠡᠷᠯᠢᠭ᠂ ᠮᠠᠨᠳᠤᠬᠠᠢ ᠴᠡᠴᠡᠷᠯᠢᠭ ᠵᠡᠷᠭᠡ ᠭᠠᠵᠠᠷ ᠲᠤ ᠬᠦᠷᠴᠦ᠂ ᠴᠡᠴᠡᠷᠯᠢᠭ ᠤᠨ ᠳᠣᠲᠣᠷᠠᠬᠢ ᠶᠢ ᠬᠠᠮᠠᠭᠠᠯᠠᠵᠤ ᠰᠢᠯᠢᠳᠡᠭᠵᠢᠭᠦᠯᠬᠦ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠦᠷᠦᠭᠰᠡᠨ ᠭᠠᠵᠠᠷ ᠪᠣᠯᠭᠠᠨ ᠳᠤ ᠲᠡᠷᠡ ᠴᠡᠴᠡᠷᠯᠢᠭ ᠤᠨ ᠳᠣᠲᠣᠷᠠᠬᠢ ᠵᠠᠮ ᠢ ᠰᠡᠯᠪᠢᠨ ᠵᠠᠰᠠᠬᠤ᠂ ᠮᠣᠳᠣ ᠶᠢ ᠰᠢᠯᠵᠢᠭᠦᠯᠦᠨ ᠵᠠᠶᠢᠯᠠᠬᠤ᠂ ᠨᠥᠬᠦᠵᠦ ᠨᠣᠭᠤᠭᠠᠷᠠᠭᠤᠯᠬᠤ᠂ ᠠᠷᠠᠳ ᠲᠤ ᠲᠦᠬᠦᠮ ᠲᠥᠬᠦᠭᠡᠷᠦᠮᠵᠢ ᠶᠢ ᠲᠡᠭᠦᠯᠳᠡᠷᠵᠢᠭᠦᠯᠦᠭᠰᠡᠨ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠠᠢ ᠳᠤ ᠲᠤᠰᠢᠶᠠᠨ ᠥᠭᠴᠦ ᠰᠢᠢᠳᠪᠦᠷᠢᠯᠡᠭᠦᠯᠵᠡᠢ᠃     ᠾᠧ ᠬᠠᠢ ᠳ᠋ᠦᠩ ᠪᠠᠶᠢᠴᠠᠭᠠᠨ ᠰᠤᠳᠤᠯᠤᠯᠲᠠ ᠳᠤᠮᠳᠠ ᠬᠡᠯᠡᠬᠦ ᠳᠡᠭᠡᠨ᠂ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠨᠢ ᠬᠤᠲᠠ ᠶᠢᠨ ᠠᠷᠠᠳ ᠤᠨ ᠵᠤᠭ᠎ᠠ ᠴᠡᠩᠭᠡᠯ ᠪᠠ ᠵᠢᠭᠤᠯᠴᠢᠳ ᠤᠨ ᠵᠤᠭᠠᠴᠠᠨ ᠲᠣᠭᠤᠷᠢᠬᠤ ᠴᠢᠬᠤᠯᠠ ᠭᠠᠵᠠᠷ ᠪᠣᠯᠤᠭᠰᠠᠨ ᠤ ᠬᠤᠪᠢ ᠳᠤ᠂ ᠲᠥᠪ ᠬᠤᠳᠠ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠭᠤᠶᠤ ᠰᠠᠶᠢᠬᠠᠨ ᠨᠡᠷ᠎ᠡ ᠶᠢᠨ ᠬᠠᠭᠤᠳᠠᠰᠤ ᠮᠥᠨ ᠪᠣᠯᠬᠤᠷ ᠬᠤᠳᠠ ᠶᠢᠨ ᠠᠷᠠᠳ ᠪᠣᠯᠣᠨ ᠵᠢᠭᠤᠯᠴᠢᠳ  ᠤᠨ ᠤᠯᠠᠨ ᠡᠰᠢᠴᠢᠯᠡᠭᠰᠡᠨ ᠬᠡᠷᠡᠭᠴᠡᠭᠡ ᠶᠢ ᠬᠠᠩᠭᠠᠬᠤ ᠠᠴᠠ ᠡᠭᠦᠰᠴᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠪᠣᠯᠣᠨ ᠢᠵᠢ ᠪᠦᠷᠢᠳᠦᠭᠰᠡᠨ ᠦᠢᠯᠡᠴᠢᠯᠡᠭᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠲᠡᠰ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠬᠤᠳᠠ ᠶᠢᠨ ᠠᠷᠠᠳ ᠪᠣᠯᠣᠨ ᠵᠢᠭᠤᠯᠴᠢᠳ ᠢ ᠰᠡᠳᠬᠢᠯ ᠳᠤ ᠲᠠᠭᠠᠲᠠᠢ ᠪᠠᠶᠠᠷ ᠴᠡᠩᠭᠡᠯ ᠲᠠᠢ ᠵᠤᠭᠠᠴᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠾᠧ ᠬᠠᠢ ᠳ᠋ᠦᠩ ᠵᠢᠭᠠᠵᠤ ᠭᠠᠷᠭᠠᠭᠰᠠᠨ ᠨᠢ᠂ ᠴᠡᠴᠡᠷᠯᠢᠭ ᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠪᠣᠯ ᠬᠤᠲᠠ ᠶᠢᠨ ᠠᠷᠠᠳ ᠣᠯᠠᠨ ᠤ ᠰᠡᠯᠡᠭᠦᠴᠡᠯ ᠰᠣᠶᠣᠯ ᠤᠨ ᠠᠮᠢᠳᠤᠷᠠᠯ ᠳᠤ ᠦᠢᠯᠡᠴᠢᠯᠡᠬᠦ ᠴᠢᠬᠤᠯᠠ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠢᠯᠠᠩᠭᠤᠶ᠎ᠠ ᠬᠥᠬᠡᠬᠤᠲᠠ ᠶᠢᠨ ᠴᠡᠴᠡᠷᠯᠢᠭ᠂ ᠮᠠᠨᠳᠤᠬᠠᠢ ᠴᠡᠴᠡᠷᠯᠢᠭ᠂ ᠭᠦᠩᠵᠦ  ᠶᠢᠨ ᠣᠷᠳᠣᠨ ᠴᠡᠴᠡᠷᠯᠢᠭ ᠵᠡᠷᠭᠡ ᠣᠷᠣᠨ ᠤ ᠲᠥᠪ ᠤᠨ ᠠᠷᠠᠳ ᠲᠦᠮᠡᠨ ᠤ ᠬᠤᠲᠠ ᠶᠢᠨ ᠳᠤᠷᠠᠰᠤᠮᠵᠢ ᠶᠢ ᠠᠴᠢᠶᠠᠯᠠᠭᠰᠠᠨ ᠬᠠᠭᠤᠴᠢᠨ ᠴᠡᠴᠡᠷᠯᠢᠭ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠨᠢ ᠣᠷᠣᠨ ᠤ ᠲᠥᠪ ᠤᠨ ᠬᠥᠮᠥᠨ ᠰᠣᠶᠣᠯ ᠤᠨ ᠲᠠᠲᠠᠬᠤ ᠬᠦᠴᠦᠨ ᠪᠠ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠬᠤᠲᠠ ᠶᠢᠨ ᠠᠷᠠᠳ ᠤᠨ ᠰᠠᠨᠠᠯ ᠲᠠᠢ ᠤᠶᠠᠯᠳᠤᠭᠤᠯᠤᠨ ᠥᠭᠡᠷᠡᠴᠢᠯᠡᠬᠦ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ︽ᠵᠠᠳᠠᠭᠠᠢ ᠴᠡᠴᠡᠷᠯᠢᠭ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠦᠷᠢᠶ᠎ᠡ ᠬᠠᠰᠢᠶ᠎ᠠ᠂ ᠬᠠᠰᠢᠶ᠎ᠠ ᠰᠠᠷᠠᠯᠵᠢ ᠶᠢ ᠨᠤᠷᠠᠭᠠᠵᠤ᠂ ᠶᠠᠪᠠᠭᠠᠨ ᠵᠠᠮ᠂ ᠰᠣᠶᠣᠯ ᠲᠠᠮᠢᠷ ᠵᠡᠷᠭᠡ ᠠᠷᠠᠳ ᠲᠤ ᠲᠥᠬᠦᠮ ᠦᠵᠡᠭᠦᠯᠬᠦ ᠪᠡᠯᠡᠳᠬᠡᠮᠵᠢ ᠶᠢ ᠨᠡᠮᠡᠵᠦ᠂ ᠬᠤᠲᠠ ᠶᠢᠨ ᠠᠷᠠᠳ ᠤᠨ ᠰᠡᠯᠡᠭᠦᠴᠡᠨ ᠵᠤᠭᠠᠯᠠᠵᠤ ᠨᠠᠭᠠᠳᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ᠃ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠠᠴᠠ ᠵᠠᠶᠢᠯᠠᠰᠬᠢᠵᠦ᠂ ᠤᠳᠤ ᠶᠢᠨ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠨ ᠨᠠᠷᠢᠯᠢᠭᠵᠢᠭᠤᠯᠤᠨ ᠥᠭᠡᠷᠡᠴᠢᠯᠡᠵᠦ᠂ ᠬᠤᠳᠠ ᠶᠢᠨ ᠠᠷᠠᠳ ᠤᠨ ᠬᠡᠷᠡᠭᠴᠡᠭᠡ ᠶᠢ ᠦᠨᠳᠦᠰᠦᠯᠡᠨ ᠴᠢᠳᠠᠮᠵᠢᠲᠤ ᠣᠷᠣᠨ ᠪᠦᠰᠡ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠬᠤᠳᠠ ᠶᠢᠨ ᠠᠷᠠᠳ ᠤᠨ ᠴᠡᠴᠡᠷᠯᠢᠭ ᠢᠶᠠᠷ ᠵᠤᠭᠠᠴᠠᠬᠤ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号