︵ᠰᠤᠷᠪᠤᠯᠵᠢᠯᠠᠭᠴᠢ ᠶᠦᠨ ᠶᠠᠨ ᠹᠠᠩ︶ ᠮᠠᠨ ᠤ ᠬᠤᠲᠠ ᠶᠢᠨ ᠲᠠᠷᠢᠶᠠᠴᠢᠨ ᠡᠷᠦᠬᠡ ᠶᠢᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠡᠷᠡᠭᠴᠡᠭᠡ᠂ ᠪᠦᠲᠦᠴᠡ ᠪᠠ ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠢ | ᠳᠤᠨᠢ ᠣᠶᠢᠯᠠᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ | ᠬᠠᠩᠰᠢ ᠶᠢᠨ ᠬᠤᠪᠢᠷᠠᠯᠲᠠ ᠵᠢᠴᠢ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠᠶᠢᠳᠠᠯ ᠢ | ᠪᠥᠬᠦ ᠲᠠᠯ᠎ᠠ ᠪᠠᠷ ᠡᠵᠡᠮᠰᠢᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠦᠨ᠎ᠡ ᠬᠠᠩᠰᠢ ᠶᠢᠨ ᠭᠡᠷᠡᠴᠢᠯᠡᠯ ᠬᠢᠨᠠᠨ | ᠬᠡᠮᠵᠢᠬᠦ ᠲᠥᠪ ᠤᠨ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠠᠵᠢᠯᠲᠠᠨ ᠤ ᠬᠢᠭᠰᠡᠨ 2023 ᠣᠨ ᠤ | ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠤᠭᠰᠠᠨ ᠪᠠᠶᠢᠳᠠᠯ ᠤᠨ | ᠲᠤᠬᠠᠢ ᠲᠤᠰᠬᠠᠢ ᠪᠠᠶᠢᠴᠠᠭᠠᠯᠲᠠ ᠳᠠᠭᠤᠰᠪᠠ᠃ | ᠲᠣᠰ ᠤᠳᠠᠭ᠎ᠠ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠦᠴᠦᠸᠠᠨ | ᠰᠢᠶᠠᠨ ᠤ 45 ᠲᠣᠭᠲᠠᠭᠰᠠᠨ ᠪᠠᠶᠢᠴᠠᠭᠠᠯᠲᠠ ᠶᠢᠨ ᠡᠷᠦᠬᠡ ᠶᠢ ᠪᠠᠶᠢᠴᠠᠭᠠᠵᠤ᠂ ᠡᠷᠦᠬᠡ ᠪᠦᠷᠢ ᠶᠢᠨ ᠳᠤᠮᠳᠠᠴᠢ | ᠲᠠᠷᠢᠶᠠᠨ ᠭᠠᠵᠠᠷ ᠤᠨ ᠲᠠᠯᠠᠪᠠᠶ 43.62 ᠮᠦ᠂ ᠲᠠᠷᠢᠬᠤ ᠲᠠᠯᠠᠪᠠᠶ 43.62 ᠮᠦ ᠪᠠᠶᠢᠵᠤ᠂ ᠡᠷᠦᠬᠡ ᠪᠦᠷᠢ ᠶᠢᠨ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠤᠭᠰᠠᠨ ᠳᠤᠮᠳᠠᠴᠢ ᠲᠤᠭ᠎ᠠ 12.49% ᠪᠠᠷ | ᠨᠡᠮᠡᠭᠳᠡᠵᠦ᠂ ᠬᠤᠳᠠᠯᠳᠤᠨ ᠠᠪᠤᠭᠰᠠᠨ ᠵᠠᠷᠤᠯᠭ᠎ᠠ 15.74% ᠪᠠᠷ ᠨᠡᠮᠡᠭᠳᠡᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠡᠭᠦᠨ ᠳᠤ ᠬᠢᠮᠢ ᠶᠢᠨ | ᠪᠣᠷᠳᠣᠭᠤᠷ᠂ ᠲᠠᠷᠢᠶᠠᠨ ᠤ ᠡᠮ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠪᠠ ᠲᠠᠷᠢᠶᠠᠯᠠᠩ ᠳᠤ ᠬᠡᠷᠡᠭᠯᠡᠬᠦ ᠮᠠᠰᠢᠨ ᠤ | ᠲᠤᠰᠤᠨ ᠤ ᠦᠨ᠎ᠡ ᠪᠠᠭ᠎ᠠ ᠪᠠᠭᠤᠷᠠᠵᠤ᠂ ᠦᠷ᠎ᠡ ᠶᠢᠨ ᠦᠨ᠎ᠡ ᠪᠠᠭ᠎ᠠ ᠥᠰᠦᠭᠰᠡᠨ ᠪᠠᠶᠢᠨ᠎ᠠ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |