ᠬᠥᠬᠡᠬᠤᠲᠠ ᠶᠢᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ︽ᠬᠤᠶᠠᠷ ᠢ ᠬᠡᠯᠲᠦᠷᠢᠭᠦᠯᠬᠦ︾ ᠺᠠᠷᠲ ᠭᠤᠶᠤᠴᠢᠯᠠᠵᠦ ᠪᠣᠯᠣᠨ᠎ᠠ
ᠨᠡᠶᠢᠲᠡᠯᠡᠭᠰᠡᠨ ᠴᠠᠭ᠄
2023/5/6
      ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠴᠢᠰᠤᠨ ᠤ ᠲᠥᠪ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠡᠭᠰᠠᠳ ︽ᠬᠤᠶᠠᠷ ᠢ ᠬᠡᠯᠲᠦᠷᠢᠭᠦᠯᠬᠦ︾ ᠺᠠᠷᠲ ᠭᠤᠶᠤᠴᠢᠯᠠᠨ ᠠᠪᠴᠤ ᠪᠣᠯᠣᠨ᠎ᠠ᠃      ᠲᠠᠨᠢᠯᠴᠠᠭᠤᠯᠤᠭᠰᠠᠨ ᠢᠶᠠᠷ ︽᠂ ᠬᠤᠶᠠᠷ ᠢ ᠬᠡᠯᠲᠦᠷᠢᠭᠦᠯᠬᠦ︾ ᠺᠠᠷᠲ ᠢ ᠭᠤᠶᠤᠴᠢᠯᠠᠨ ᠠᠪᠬᠤ ᠬᠥᠬᠡᠬᠤᠲᠠ ᠶᠢᠨ ᠰᠠᠭᠤᠭᠠᠯᠢ ᠠᠷᠠᠳ ᠤᠯᠤᠰ ᠤᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠵᠤ ᠬᠤᠪᠢ ᠨᠡᠮᠡᠷᠢ ᠦᠵᠡᠬᠦᠯᠦᠭᠰᠡᠨ ᠱᠠᠩᠨᠠᠯ ᠢ ᠭᠥᠷᠳᠡᠭᠰᠡᠨ ᠪᠠᠶᠢᠬᠤ ᠭᠡᠷᠡᠭᠳᠠᠢ᠂ ᠳᠠᠷᠤᠢ 2021 ᠣᠨ ᠤ ᠰᠡᠬᠦᠯᠴᠢ ᠪᠣᠯᠲᠠᠯ᠎ᠠ ᠨᠡᠶᠢᠲᠡ 4000 ᠮᠢᠯᠢᠯᠢᠲᠷ ᠠᠴᠠ ᠳᠡᠭᠡᠭᠰᠢ ᠴᠢᠰᠤ ᠬᠠᠨᠳᠢᠪᠯᠠᠭᠰᠠᠨ ᠪᠠᠶᠢᠪᠠᠯ ᠪᠣᠯᠴᠢᠬᠠᠨ᠎ᠠ᠃ ᠲᠤᠰ ᠤᠳᠠᠭᠠᠨ ᠤ ᠭᠤᠶᠤᠴᠢᠯᠠᠵᠦ ᠪᠠᠶᠢᠭ᠎ᠠ ︽ᠬᠤᠶᠠᠷ ᠢ ᠬᠡᠯᠲᠦᠷᠢᠭᠦᠯᠬᠦ︾ ᠺᠠᠷᠲ ᠪᠤᠯ ᠴᠢᠰᠤᠨ ᠤ ᠲᠥᠪ ᠠᠴᠠ ᠪᠠᠭᠤᠯᠭᠠᠭᠰᠠᠨ ᠲᠦᠷᠦᠭᠦᠦ ᠪᠦᠯᠦᠭ ᠺᠠᠷᠲ ᠪᠣᠯᠣᠨ᠎ᠠ᠂ ᠤᠯᠤᠰ ᠠᠴᠠ ᠬᠤᠶᠠᠷ ᠵᠢᠯ ᠪᠦᠷᠢ ᠳᠤ ᠨᠢᠭᠡ ᠤᠳᠠᠭ᠎ᠠ ᠪᠦᠷᠢᠳᠭᠡᠵᠦ᠂ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠵᠤ ᠬᠤᠪᠢ ᠨᠡᠮᠡᠷᠢ ᠦᠵᠡᠬᠦᠯᠦᠭᠰᠡᠨ ᠱᠠᠩᠨᠠᠯ ᠬᠦᠷᠳᠡᠭᠰᠡᠨ ᠬᠦᠮᠦᠰ ᠢ ᠰᠢᠯᠭᠠᠷᠠᠭᠤᠯᠤᠨᠠ᠂ ᠴᠢᠰᠤᠨ ᠤ ᠲᠥᠪ ᠠᠴᠠ ᠱᠠᠩᠨᠠᠯ ᠬᠦᠷᠳᠡᠭᠰᠡᠨ ᠨᠡᠷᠡᠰ ᠢ ᠦᠨᠳᠦᠰᠦᠯᠡᠨ ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ︽ᠬᠤᠶᠠᠷ ᠢ ᠬᠡᠯᠲᠦᠷᠢᠭᠦᠯᠬᠦ︾ ᠺᠠᠷᠲ ᠢ ᠦᠷᠬᠦᠯᠵᠢᠯᠡᠨ ᠣᠯᠭᠤᠬᠤ ᠪᠣᠯᠣᠨ᠎ᠠ᠃ ᠤᠯᠤᠰ ᠤᠨ ᠦᠨ᠎ᠡ ᠲᠥᠯᠥᠪᠦᠷᠢ ᠦᠭᠡᠢ ᠳᠤ ᠴᠢᠰᠤ ᠬᠠᠨᠳᠢᠪᠯᠠᠭᠰᠠᠨ ᠱᠠᠩᠨᠠᠯ᠂ ᠦᠨ᠎ᠡ ᠲᠥᠯᠥᠪᠦᠷᠢ ᠦᠭᠡᠶ ᠪᠠᠷ ᠴᠢᠰᠤ ᠪᠦᠲᠦᠭᠡᠬᠦ ᠰᠤᠷᠪᠤᠯᠵᠢ ᠡᠰ ᠢᠶᠠᠨ ᠬᠠᠨᠳᠢᠪᠯᠠᠵᠤ ᠬᠤᠪᠢ ᠨᠡᠮᠡᠷᠢ ᠦᠵᠡᠬᠦᠯᠦᠭᠰᠡᠨ ᠱᠠᠩᠨᠠᠯ ᠣᠯᠣᠭᠰᠠᠨ ᠬᠤᠪᠢ ᠬᠥᠮᠦᠨ ᠬᠠᠮᠢᠶ᠎ᠠ ᠪᠦᠬᠦᠢ ᠭᠡᠷᠡᠴᠢ ᠲᠡᠮᠳᠡᠭ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠨᠡᠶᠢᠲᠡ ᠶᠢᠨ ᠡᠬᠢ ᠪᠠᠶᠠᠯᠢᠭ ᠢ ᠠᠰᠢᠭᠯᠠᠨ ᠪᠦᠲᠦᠭᠡᠨ ᠪᠠᠶᠢᠭᠤᠯᠤᠭᠰᠠᠨ ᠦᠵᠡᠮᠵᠢ ᠶᠢᠨ ᠣᠷᠣᠨ ᠢᠶᠠᠷ ᠦᠨ᠎ᠡ ᠲᠥᠯᠥᠪᠦᠷᠢ ᠦᠭᠡᠶ ᠪᠠᠷ ᠲᠣᠭᠤᠷᠢᠨ ᠵᠢᠭᠤᠯᠴᠢᠯᠠᠵᠤ ᠪᠣᠯᠣᠨ᠎ᠠ︔ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡᠨ ᠳᠤ ᠦᠨ᠎ᠡ ᠲᠥᠯᠥᠪᠦᠷᠢ ᠦᠭᠡᠢ ᠪᠠᠷ ᠰᠠᠭᠤᠵᠦ ᠪᠣᠯᠣᠨ᠎ᠠ᠃ ︽ᠬᠤᠶᠠᠷ ᠢ ᠬᠡᠯᠲᠦᠷᠢᠭᠦᠯᠬᠦ︾ ᠺᠠᠷᠲ ᠢ ᠥᠪᠡᠷᠲᠡᠭᠡᠨ ᠵᠠᠰᠠᠬᠤ ᠣᠷᠣᠨ ᠤ ᠴᠢᠰᠤᠨ ᠤ ᠲᠥᠪ ᠠᠴᠠ ᠭᠤᠶᠤᠴᠢᠯᠠᠨ ᠠᠪᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号