ᠵᠣᠴᠢᠨ᠄ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠦ᠋ ᠶᠦᠩ ᠾᠧᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ | ᠲᠥᠪ ᠤᠨ ᠡᠷᠬᠢᠯᠡᠭᠴᠢ ᠹᠧᠩ ᠰᠦ᠋ ᠵᠧᠨ᠂ ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ᠂ ᠪᠠᠴᠢᠮ ᠪᠠᠶᠢᠳᠠᠯ ᠢ ᠠᠷᠭᠠᠴᠠᠵᠤ ᠵᠣᠬᠢᠴᠠᠭᠤᠯᠬᠤ | ᠰᠠᠯᠠᠭᠠᠨ ᠤ ᠳᠡᠳ᠋ ᠳᠠᠷᠤᠭ᠎ᠠ ᠸᠠᠩ ᠵᠢᠩ ᠮᠢᠨ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠪᠠᠶᠢᠴᠠᠭᠠᠬᠤ | ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠸᠠᠩ ᠯᠢ ᠬᠤᠩ᠂ ᠦᠨ᠎ᠡ ᠬᠠᠩᠰᠢ ᠶᠢᠨ ᠬᠢᠨᠠᠨ ᠪᠠᠶᠢᠴᠠᠭᠠᠯᠲᠠ ᠶᠢᠨ | ᠰᠠᠯᠠᠭᠠᠨ ᠤ ᠯᠢ ᠵᠧ | 1.ᠬᠠᠮᠢᠶᠠᠷᠤᠭᠴᠢ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ | ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | 2. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ | ᠬᠥᠲᠥᠯᠥᠭᠴᠢ ᠰᠠᠶᠢᠨ ᠪᠠᠶᠢᠨ᠎ᠠ ᠤᠤ︕ ᠰᠣᠨᠣᠰᠤᠭᠴᠢᠳ᠂ ᠰᠦᠯᠵᠢᠶᠡᠨ ᠨᠠᠶᠢᠵᠠ ᠨᠠᠷ ᠰᠠᠶᠢᠨ ᠪᠠᠶᠢᠵᠠᠭᠠᠨ᠎ᠠ | ᠤᠤ︕ ᠥᠷᠭᠡᠨ ᠣᠯᠠᠨ ᠰᠦᠯᠵᠢᠶᠡᠨ ᠨᠠᠶᠢᠵᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ | ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠰᠦᠯᠵᠢᠶᠡᠨ ᠨᠠᠶᠢᠵᠠ ᠨᠠᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠢᠮᠠᠭᠲᠠ ᠠᠩᠬᠠᠷᠤᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠲᠠᠨᠠᠷ ᠤᠨ | ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃ | 3. ᠬᠥᠲᠥᠯᠥᠭᠴᠢ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠪᠣᠯ ᠥᠨᠢᠳᠡ ᠶᠢᠨ ᠶᠠᠷᠢᠶᠠᠨ ᠤ ᠰᠡᠳᠦᠪ ᠮᠥᠨ᠂ | ᠬᠡᠷᠡᠭᠯᠡᠭᠡᠨ ᠤ ᠰᠠᠨᠠᠭ᠎ᠠ ᠠᠮᠤᠷ ᠣᠷᠴᠢᠨ ᠨᠥᠬᠦᠴᠡᠯ ᠢ ᠪᠤᠶ ᠪᠣᠯᠭᠠᠬᠤ ᠨᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠷᠮᠠᠶᠢᠬᠤ ᠴᠢᠭᠯᠡᠯ ᠪᠣᠯᠣᠭᠰᠠᠭᠠᠷ ᠢᠷᠡᠭᠰᠡᠨ ᠶᠤᠮ᠃ ᠳᠤᠮᠳᠠᠳᠤ | ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠡᠨᠡ ᠵᠢᠯ ᠤᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠣᠨ ᠤ | ᠭᠤᠣᠯ ᠰᠡᠳᠦᠪ ᠢ ︽ᠬᠡᠷᠡᠭᠯᠡᠭᠡ ᠶᠢᠨ ᠭᠤᠣᠯᠴᠢ ᠪᠠᠶᠢᠬᠤ ᠶᠢ ᠬᠠᠮᠲᠤ ᠪᠠᠷ ᠠᠬᠢᠭᠤᠯᠤᠶ᠎ᠠ︾ ᠭᠡᠵᠦ ᠲᠣᠭᠲᠠᠭᠠᠵᠠᠢ᠃ | ᠡᠨᠡ ᠬᠦ ᠭᠤᠣᠯ ᠰᠡᠳᠦᠪ ᠨᠢ ᠶᠠᠮᠠᠷ ᠤᠳᠬ᠎ᠠ ᠠᠭᠤᠯᠭ᠎ᠠ ᠲᠠᠢ ᠪᠤᠢ︖ | 4. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ | ᠡᠨᠡ ᠵᠢᠯ ᠤᠨ ᠭᠤᠣᠯ ᠰᠡᠳᠦᠪ ᠪᠣᠯ ︽ᠬᠡᠷᠡᠭᠯᠡᠭᠡ ᠶᠢᠨ ᠭᠤᠣᠯᠴᠢ ᠪᠠᠶᠢᠬᠤ ᠶᠢ ᠬᠠᠮᠲᠤ ᠪᠠᠷ ᠠᠬᠢᠭᠤᠯᠤᠶ᠎ᠠ︾ | ᠂ ᠡᠭᠦᠨ ᠳᠤ ᠳᠣᠣᠷᠠᠬᠢ ᠳᠥᠷᠪᠡᠨ ᠲᠠᠯ᠎ᠠ ᠶᠢᠨ ᠤᠳᠬ᠎ᠠ ᠠᠭᠤᠯᠭ᠎ᠠ ᠲᠠᠢ᠄ ᠨᠢᠭᠡ ᠳᠤ ᠬᠠᠤᠯᠢ ᠴᠠᠭᠠᠵᠠ ᠶᠢᠨ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ᠭᠤᠣᠯᠴᠢ ᠪᠠᠶᠢᠬᠤ ᠶᠢ ᠨᠡᠩ ᠢᠯᠡᠬᠦᠦ ᠪᠠᠲᠤᠯᠠᠨ᠎ᠠ᠃ | ᠣᠶᠢᠷ᠎ᠠ ᠶᠢᠨ ᠵᠢᠯ ᠠᠴᠠ ᠨᠠᠰᠢ᠂ ᠮᠠᠰᠢ ᠣᠯᠠᠨ ᠬᠡᠷᠡᠭᠯᠡᠭᠡᠨ ᠤ ᠬᠦᠷᠢᠶᠡᠨ ᠳᠤ ᠠᠳᠠᠯᠢ ᠪᠤᠰᠤ ᠬᠡᠮᠵᠢᠶ᠎ᠡ ᠪᠠᠷ ᠮᠥᠨ | ᠬᠦ ᠭᠤᠣᠯᠴᠢ ᠪᠤᠰᠤ ᠦᠵᠡᠭᠳᠡᠯ ᠣᠷᠣᠰᠢᠭᠰᠠᠭᠠᠷ ᠪᠠᠶᠢᠨ᠎ᠠ᠂ ᠥᠩᠭᠡᠷᠡᠭᠰᠡᠨ ᠤ ︽ᠵᠢᠩ ᠯᠠᠩ ᠳᠤᠲᠠᠭᠤᠳᠠᠵᠤ︾ | ᠪᠠᠶᠢᠭᠰᠠᠨ ᠠᠴᠠ ᠪᠠᠨ ᠥᠨᠥᠳᠥᠷ ᠤᠨ ᠲᠣᠮᠣ ᠳ᠋ᠠᠶᠢᠲ᠋ᠠ ᠶᠢᠨ ︽ ᠲᠠᠨᠢᠯ ᠬᠦᠮᠦᠨ ᠢ ᠪᠠᠨ ᠮᠡᠬᠡᠯᠡᠵᠦ ᠬᠢᠬᠠᠬᠤ︾ | ᠬᠦᠷᠲᠡᠯ᠎ᠡ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠲᠥᠷᠥ ᠶᠢᠨ ᠪᠣᠳᠣᠯᠭ᠎ᠠ | ᠢᠯᠡᠷᠡᠬᠦ ᠶᠢ ᠳᠠᠭᠠᠯᠳᠤᠨ᠂ ᠬᠡᠷᠡᠭᠯᠡᠭᠡᠨ ᠤ ᠡᠷᠬᠡ ᠶᠢ ᠬᠠᠮᠠᠭᠠᠯᠠᠬᠤ ᠪᠠᠶᠢᠳᠠᠯ ᠳᠤ ᠲᠠᠰᠤᠷᠠᠯᠲᠠ ᠦᠭᠡᠢ ᠰᠢᠨ᠎ᠡ | ᠬᠤᠪᠢᠷᠠᠯᠲᠠ ᠭᠠᠷᠤᠭᠰᠠᠨ ᠪᠦᠭᠡᠳ ᠮᠦᠨ ᠰᠢᠨ᠎ᠡ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠬᠡᠷᠡᠭᠯᠡᠭᠴᠢᠳ ᠤᠨ | ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠬᠠᠤᠯᠢ ᠴᠠᠭᠠᠵᠠ ᠠᠴᠠ ᠣᠯᠭᠤᠭᠰᠠᠨ | ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠬᠦ ᠲᠠᠯ᠎ᠠ ᠪᠠᠷ᠂ ᠬᠡᠷᠡᠭᠯᠡᠭᠡ ᠶᠢᠨ ᠵᠢᠭᠤᠷᠠᠯᠳᠤᠭᠠᠨ ᠢ | ᠰᠢᠢᠳᠪᠦᠷᠢᠯᠡᠬᠦ ᠡᠳᠡᠭᠡᠷ ᠪᠠᠶᠢᠩᠭᠤ ᠶᠢᠨ ᠠᠵᠢᠯ ᠢ ᠲᠦᠯᠬᠢᠨ ᠠᠬᠢᠭᠤᠯᠬᠤ ᠪᠠᠷ ᠳᠠᠮᠵᠢᠭᠤᠯᠤᠨ ᠬᠡᠷᠡᠭᠯᠡᠭᠡ ᠶᠢᠨ ᠲᠥᠪ | ᠭᠤᠣᠯᠴᠢ ᠪᠠᠶᠢᠬᠤ ᠶᠢ ᠠᠬᠢᠭᠤᠯᠬᠤ ᠬᠡᠷᠡᠭᠲᠡᠢ ᠮᠥᠷᠲᠡᠭᠡᠨ ᠪᠠᠰᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠠᠴᠠ ᠡᠭᠦᠰᠴᠦ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠲᠠᠢ | ᠢᠳᠡᠪᠬᠢᠲᠡᠢ ᠬᠤᠯᠪᠤᠭᠠᠯᠠᠨ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠳᠦᠷᠢᠮ ᠢ ᠲᠡᠭᠦᠯᠳᠡᠷᠵᠢᠭᠦᠯᠬᠦ ᠶᠢ | ᠲᠦᠯᠬᠢᠨ ᠠᠬᠢᠭᠤᠯᠵᠤ᠂ ᠬᠡᠷᠡᠭᠯᠡᠭᠡ ᠶᠢᠨ ᠲᠥᠪ ᠭᠤᠣᠯᠴᠢ ᠶᠢ ᠬᠠᠮᠳᠤᠪᠡᠷ ᠠᠬᠢᠭᠤᠯᠵᠤ᠂ ᠬᠡᠷᠡᠭᠯᠡᠭᠴᠢᠳ ᠤᠨ ᠡᠷᠬᠡ | ᠠᠰᠢᠭ ᠤᠨ ᠬᠠᠤᠯᠢ ᠪᠠᠷ ᠵᠠᠰᠠᠬᠤ ᠪᠠᠲᠤᠯᠠᠭ᠎ᠠ ᠶᠢᠨ ᠰᠠᠭᠤᠷᠢ ᠶᠢ ᠨᠡᠩ ᠪᠠᠲᠤ ᠪᠠᠬᠢ ᠪᠣᠯᠭᠠᠬᠤ ᠬᠡᠷᠡᠭᠲᠡᠢ᠃ | ᠬᠤᠶᠠᠷ ᠲᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠠᠶᠢᠨ ᠶᠠᠪᠤᠳᠠᠯ ᠬᠢᠬᠦ︾ ᠶᠢ ᠢᠳᠡᠪᠬᠢᠲᠡᠢ ᠪᠠᠷ ᠬᠥᠲᠥᠯᠥᠨ | ᠵᠢᠯᠤᠭᠤᠳᠴᠤ᠂ ᠬᠡᠷᠡᠭᠯᠡᠭᠡᠨ ᠤ ᠨᠡᠩ ᠭᠦᠨ ᠳᠡᠰ ᠳᠠᠪᠬᠤᠷᠭ᠎ᠠ ᠶᠢᠨ ᠭᠤᠣᠯᠴᠢ ᠪᠠᠶᠢᠬᠤ ᠶᠢ ᠪᠡᠶᠡᠯᠡᠭᠦᠯᠦᠨ᠎ᠡ᠃ ᠠᠵᠤ | ᠠᠬᠤᠢ ᠶᠢᠨ ᠬᠥᠭᠵᠢᠯᠲᠡ᠂ ᠲᠧᠭᠨᠢᠭ ᠮᠡᠷᠭᠡᠵᠢᠯ ᠤᠨ ᠲᠠᠪᠰᠢᠯᠳᠠ ᠵᠢᠴᠢ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠲᠦᠷᠭᠡᠨ ᠲᠡᠰ ᠲᠡᠪᠰᠢᠯᠳᠡ ᠨᠢ ᠬᠡᠷᠡᠭᠯᠡᠭᠴᠢᠳ ᠤᠨ ᠥᠪᠡᠷᠮᠢᠴᠡᠴᠢᠯᠡᠭᠰᠡᠨ᠂ ᠤᠯᠠᠨ ᠶᠠᠩᠵᠤᠴᠢᠯᠠᠭᠰᠠᠨ | ᠬᠡᠷᠡᠭᠯᠡᠭᠡᠨ ᠤ ᠬᠡᠷᠡᠭᠴᠡᠭᠡ ᠶᠢ ᠠᠳᠠᠯᠢ ᠪᠤᠰᠤ ᠬᠡᠮᠵᠢᠶ᠎ᠡ ᠪᠠᠷ ᠬᠠᠩᠭᠠᠭᠰᠠᠨ ᠪᠠᠶᠢᠨ᠎ᠠ᠃ ᠭᠡᠪᠡᠴᠦ ᠬᠥᠷᠥᠩᠭᠡ ᠶᠢᠨ ︽ | ᠵᠡᠷᠯᠢᠭ ᠥᠰᠦᠯᠲᠡ︾ ᠪᠣᠯᠣᠨ ︽ᠡᠮᠬᠢ ᠵᠢᠷᠤᠮ ᠦᠭᠡᠢ ᠥᠷᠭᠡᠳᠬᠡᠯ︾ ᠨᠢ ᠵᠠᠷᠢᠮ ᠲᠠᠪᠴᠠᠩ ᠪᠣᠯᠣᠨ | ᠡᠵᠡᠩᠨᠡᠭᠴᠢᠳ ᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠠᠶᠢᠨ ᠶᠠᠪᠤᠳᠠᠯ ᠬᠢᠬᠦ ︾ ᠡᠰᠢ ᠶᠣᠰᠣᠨ ᠤ | ᠥᠷᠲᠡᠭ ᠤᠨ ᠬᠥᠭᠡᠭᠡᠴᠡᠯᠳᠦᠯ ᠠᠴᠠ ᠵᠥᠷᠢᠴᠡᠭᠦᠯᠵᠦ᠂ ᠬᠡᠷᠡᠭᠯᠡᠭᠴᠢᠳ ᠤᠨ ᠬᠡᠷᠡᠭᠯᠡᠭᠡᠨ ᠤ ᠮᠡᠳᠡᠭᠡ ᠵᠠᠩᠭᠢ᠂ | ᠬᠡᠷᠡᠭᠯᠡᠭᠡᠨ ᠤ ᠰᠡᠳᠬᠢᠴᠡ᠂ ᠬᠡᠷᠡᠭᠯᠡᠭᠡᠨ ᠤ ᠠᠵᠢᠯᠯᠠᠭ᠎ᠠ᠂ ᠬᠡᠷᠡᠭᠯᠡᠭᠡᠨ ᠤ ᠴᠢᠳᠠᠪᠤᠷᠢ ᠵᠡᠷᠭᠡ ᠶᠢ ᠵᠦᠢ ᠵᠣᠬᠢᠰ | ᠦᠭᠡᠢ ᠪᠠᠷ ᠴᠤᠭᠯᠠᠭᠤᠯᠵᠤ᠂ ᠰᠢᠯᠢᠨ ᠰᠣᠩᠭᠤᠵᠤ᠂ ᠬᠡᠷᠡᠭᠯᠡᠵᠦ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ | ᠢᠲᠡᠭᠡᠮᠵᠢᠲᠡᠢ ᠪᠠᠶᠢᠬᠤ ᠵᠠᠬ᠎ᠠ ᠳᠡᠯᠭᠡᠭᠦᠷ ᠤᠨ ᠡᠮᠬᠢ ᠵᠢᠷᠤᠮ ᠪᠣᠯᠣᠨ ᠠᠮᠤᠷ ᠲᠦᠪᠰᠢᠨ ᠳᠥᠭᠦᠮ ᠳᠥᠲᠡ᠂ ᠰᠠᠨᠠᠭ᠎ᠠ | ᠠᠮᠤᠷ ᠲᠠᠭᠠᠯᠠᠮᠵᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠡᠪᠳᠡᠭᠰᠡᠨ ᠪᠠᠶᠢᠨ᠎ᠠ᠃ ᠬᠡᠷᠡᠭᠯᠡᠭᠡᠨ ᠤ ᠭᠤᠣᠯᠴᠢ | ᠪᠠᠶᠢᠬᠤ ᠶᠢ ᠬᠠᠮᠳᠤᠪᠡᠷ ᠠᠬᠢᠭᠤᠯᠬᠤ ᠪᠣᠯ ᠳᠠᠷᠤᠢ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ | ᠬᠢᠨᠠᠯᠲᠠ ᠲᠠᠯᠪᠢᠬᠤ ᠳᠦᠷᠢᠮ ᠢ ᠴᠢᠩᠭᠠᠳᠬᠠᠵᠤ᠂ ᠡᠵᠡᠩᠨᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠰᠠᠶᠢᠨ ᠶᠠᠪᠤᠳᠠᠯ ᠬᠢᠬᠦ︾ ᠦᠷᠳᠡᠭ ᠤᠨ ᠣᠶᠢᠯᠠᠭᠠᠭᠳᠠᠬᠤᠨ ᠢ ᠪᠠᠲᠤ ᠪᠠᠬᠢ ᠪᠤᠢ | ᠪᠣᠯᠭᠠᠵᠤ᠂ ᠡᠯ᠎ᠡ ᠲᠦᠷᠦᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ᠂ ᠬᠡᠪ ᠵᠠᠭᠪᠤᠷ ᠤᠨ | ᠵᠢᠷᠤᠮᠵᠢᠯ ᠲᠠᠢ ᠬᠥᠭᠵᠢᠯᠲᠡ ᠶᠢ ᠠᠬᠢᠭᠤᠯᠵᠤ᠂ ᠪᠦᠬᠦ ᠬᠡᠷᠡᠭᠯᠡᠭᠴᠢᠳ ᠤᠨ ᠠᠳᠠᠯᠢ ᠲᠡᠭᠰᠢ ᠬᠡᠷᠡᠭᠯᠡᠭᠡᠨ ᠤ ᠡᠷᠬᠡ | ᠡᠳ᠋ᠯᠡᠬᠦ ᠶᠢ ᠪᠠᠲᠤᠯᠠᠵᠤ᠂ ᠬᠡᠳᠦ ᠵᠦᠷᠢᠶᠡᠴᠢᠯᠡᠭᠰᠡᠨ ᠪᠠ ᠭᠠᠳᠠᠭᠤᠷᠴᠢᠯᠠᠭᠰᠠᠨ ᠵᠡᠷᠭᠡ ᠠᠴᠠ ᠪᠣᠯᠤᠭᠰᠠᠨ ᠬᠡᠷᠡᠭᠯᠡᠭᠡᠨ ᠤ | ᠭᠤᠣᠯᠴᠢ ᠪᠤᠰᠤ ᠠᠴᠠ ᠠᠩᠭᠢᠵᠢᠷᠠᠭᠤᠯᠵᠤ᠂ ᠨᠡᠩ ᠭᠦᠨ ᠳᠠᠪᠬᠤᠷᠭ᠎ᠠ ᠶᠢᠨ ᠬᠡᠷᠡᠭᠯᠡᠭᠡᠨ ᠤ ᠭᠤᠣᠯᠴᠢ ᠪᠠᠶᠢᠬᠤ ᠶᠢ | ᠪᠡᠶᠡᠯᠡᠭᠦᠯᠬᠦ ᠶᠠᠪᠤᠳᠠᠯ ᠪᠣᠯᠣᠨ᠎ᠠ᠃ ᠭᠤᠷᠪᠠ ᠳᠤ᠂ ᠣᠨᠴᠠᠭᠠᠢ ᠨᠢᠭᠡ ᠪᠦᠯᠦᠭ ᠬᠦᠮᠦᠰ ᠤᠨ ᠬᠠᠮᠠᠭᠠᠯᠠᠯᠲᠠ ᠶᠢ | ᠴᠢᠩᠭᠠᠳᠬᠠᠵᠤ᠂ ᠨᠡᠩ ᠶᠡᠭᠡ ᠬᠡᠪᠴᠢᠶᠡᠨ ᠤ ᠬᠡᠷᠡᠭᠯᠡᠭᠡ ᠶᠢᠨ ᠡᠷᠬᠡ ᠲᠡᠭᠰᠢ ᠪᠠᠶᠢᠬᠤ ᠶᠢ ᠪᠡᠶᠡᠯᠡᠭᠦᠯᠦᠨ᠎ᠡ᠃ | ᠬᠡᠷᠡᠭᠯᠡᠭᠡᠨ ᠤ ᠡᠷᠬᠡ ᠲᠡᠭᠰᠢ ᠶᠢ ᠬᠠᠮᠳᠤᠪᠡᠷ ᠠᠬᠢᠭᠤᠯᠬᠤ ᠪᠣᠯ ᠪᠦᠬᠦ ᠬᠡᠷᠡᠭᠯᠡᠭᠴᠢᠳ ᠤᠨ ᠬᠡᠷᠡᠭᠯᠡᠭᠡᠨ ᠤ ᠡᠷᠬᠡ | ᠲᠡᠭᠰᠢ ᠶᠢ ᠠᠬᠢᠭᠤᠯᠬᠤ ᠶᠠᠪᠤᠳᠠᠯ ᠮᠥᠨ᠂ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠪᠠᠲᠤᠯᠠᠬᠤ ᠶᠢ ᠲᠦᠯᠬᠢᠨ | ᠠᠬᠢᠭᠤᠯᠵᠤ᠂ ᠪᠠᠰᠠ ᠨᠠᠰᠤᠨ ᠳᠤ ᠥᠯᠥ ᠬᠦᠷᠦᠭᠰᠡᠳ᠂ ᠨᠠᠰᠤᠲᠠᠶᠢᠴᠤᠳ᠂ ᠵᠡᠮᠳᠡᠭᠴᠦᠳ᠂ ᠣᠷᠣᠯᠭ᠎ᠠ ᠳᠣᠣᠷ᠎ᠠ | ᠬᠥᠮᠥᠰ ᠵᠡᠷᠭᠡ ᠣᠨᠴᠠᠭᠠᠶ ᠨᠢᠭᠡ ᠪᠦᠯᠦᠭ ᠬᠡᠷᠡᠭᠯᠡᠭᠴᠢᠳ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠴᠥᠭᠡᠨ | ᠲᠣᠭᠠᠲᠤ ᠦᠨᠳᠦᠰᠦᠲᠡᠨ ᠤ ᠭᠠᠵᠠᠷ ᠣᠷᠣᠨ᠂ ᠬᠥᠳᠡᠭᠡ ᠲᠣᠰᠬᠤᠨ᠂ ᠰᠢᠶᠠᠩ ᠪᠠᠯᠭᠠᠰᠤ ᠪᠠ ᠰᠢᠶᠠᠨ ᠤ ᠬᠡᠪᠴᠢᠶᠡᠨ ᠤ | ᠭᠠᠵᠠᠷ ᠣᠷᠣᠨ ᠤ ᠬᠡᠷᠡᠭᠯᠡᠭᠡᠨ ᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ | ᠨᠥᠬᠦᠪᠦᠷᠢᠯᠡᠵᠦ᠂ ᠲᠡᠳᠡᠨ ᠳᠤ ᠠᠳᠠᠯᠢ ᠲᠡᠭᠰᠢ ᠠᠵᠠ ᠲᠣᠬᠢᠶᠠᠯ ᠪᠠ ᠡᠷᠬᠡ ᠲᠡᠭᠰᠢ ᠪᠡᠶ᠎ᠡ ᠬᠡᠮ ᠢ ᠡᠳ᠋ᠯᠡᠭᠦᠯᠦᠨ | ᠬᠡᠷᠡᠭᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠬᠡᠷᠡᠭᠯᠡᠭᠡᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠭᠰᠠᠨ ᠰᠠᠭᠤᠷᠢᠨ ᠳᠡᠭᠡᠷ᠎ᠡ᠂ ᠴᠠᠭ ᠦᠶ᠎ᠡ ᠶᠢᠨ | ᠬᠡᠷᠡᠭᠯᠡᠭᠡᠨ ᠤ ᠠᠯᠬᠤᠴᠠ ᠶᠢ ᠳᠠᠭᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠳᠤᠪᠡᠷ | ᠡᠳ᠋ᠯᠡᠵᠦ᠂ ᠨᠡᠩ ᠶᠡᠭᠡ ᠬᠡᠪᠴᠢᠶᠡᠨ ᠤ ᠬᠡᠷᠡᠭᠯᠡᠭᠡᠨ ᠤ ᠭᠤᠣᠯᠴᠢ ᠪᠠᠶᠢᠬᠤ ᠶᠢ ᠪᠡᠶᠡᠯᠡᠭᠦᠯᠦᠨ᠎ᠡ᠃ ᠳᠥᠷᠪᠡ ᠳᠤ᠂ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠶᠢ ᠦᠢᠯᠡᠳᠦᠯᠭᠡᠵᠢᠭᠦᠯᠵᠦ᠂ ᠨᠡᠩ | ᠥᠷᠬᠦᠯᠵᠢᠯᠡᠬᠦᠶᠢᠴᠡ ᠬᠡᠷᠡᠭᠯᠡᠭᠡ ᠶᠢᠨ ᠡᠷᠬᠡ ᠲᠡᠭᠰᠢ ᠶᠢ ᠪᠡᠶᠡᠯᠡᠭᠦᠯᠦᠨ᠎ᠡ᠃ 2021 ᠣᠨ ᠤ ᠡᠴᠦᠰ ᠤᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠠᠴᠠ᠂ ᠬᠡᠷᠡᠭᠯᠡᠭᠡᠨ ᠤ ᠬᠦᠷᠢᠶᠡᠨ ᠳᠤ ᠪᠦᠬᠦ ᠠᠷᠠᠳ ᠤᠨ ᠠᠷᠪᠢᠯᠠᠨ ᠭᠠᠮᠨᠠᠬᠤ | ᠤᠬᠠᠮᠰᠠᠷ ᠢ ᠴᠢᠩᠭᠠᠳᠬᠠᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ ᠭᠡᠵᠦ ᠳᠤᠷᠠᠳᠴᠠᠢ᠃ ᠬᠡᠷᠡᠭᠯᠡᠭᠡᠨ ᠤ | ᠭᠤᠣᠯᠴᠢ ᠪᠠᠶᠢᠬᠤ ᠶᠢ ᠬᠠᠮᠳᠤᠪᠡᠷ ᠠᠬᠢᠭᠤᠯᠬᠤ ᠪᠣᠯ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠬᠡᠷᠡᠭᠯᠡᠭᠴᠢᠳ ᠤᠨ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠪᠠ ᠦᠷᠭᠦᠯᠵᠢᠯᠡᠬᠦᠶᠢᠴᠡ ᠬᠡᠷᠡᠭᠯᠡᠭᠡᠨ ᠤ ᠠᠷᠭ᠎ᠠ | ᠮᠠᠶ᠋ᠢᠭ ᠢ ᠢᠳᠡᠪᠬᠢᠲᠡᠢ ᠦᠢᠯᠡᠳᠦᠯᠭᠡᠵᠢᠭᠦᠯᠬᠦ ᠶᠢ ᠰᠠᠨᠠᠭᠠᠴᠢᠯᠠᠬᠤ ᠨᠢ᠂ ᠪᠢᠳᠡᠨ ᠤ ᠣᠳᠣᠬᠠᠨ ᠤ ᠬᠡᠷᠡᠭᠯᠡᠭᠡ ᠨᠢ ᠦᠷ᠎ᠡ | ᠬᠤᠶᠢᠴᠢᠰ ᠤᠨ ᠢᠶᠠᠨ ᠦᠷᠭᠦᠯᠵᠢᠯᠡᠬᠦᠶᠢᠴᠡ ᠬᠡᠷᠡᠭᠯᠡᠭᠡ ᠳᠤ ᠬᠠᠷᠢᠭᠤᠴᠠᠵᠤ᠂ ᠲᠡᠳᠡᠨ ᠤ ᠬᠡᠷᠡᠭᠯᠡᠭᠡ ᠶᠢᠨ ᠭᠤᠣᠯᠴᠢ | ᠪᠠᠶᠢᠬᠤ ᠬᠦᠰᠡᠯ ᠱᠠᠭᠠᠷᠳᠠᠯᠭ᠎ᠠ ᠶᠢ ᠨᠡᠩ ᠢᠯᠡᠭᠦᠦ ᠠᠩᠬᠠᠷᠴᠤ᠂ ᠲᠡᠳᠡᠨ ᠳᠤ ᠨᠡᠩ ᠤᠯᠠᠨ ᠳᠡᠯᠡᠬᠡᠢ ᠶᠢᠨ | ᠪᠥᠮᠪᠥᠷᠴᠡᠭ ᠤᠨ ᠡᠬᠢ ᠪᠠᠶᠠᠯᠢᠭ ᠢ ᠦᠯᠡᠳᠡᠭᠡᠨ ᠥᠭᠴᠦ᠂ ᠦᠷ᠎ᠡ ᠬᠤᠶᠢᠴᠢᠰ ᠲᠠᠭᠠᠨ ᠪᠢᠳᠡᠨ ᠲᠠᠢ ᠠᠳᠠᠯᠢ ᠪᠠᠷ | ᠬᠡᠷᠡᠭᠯᠡᠭᠡᠨ ᠤ ᠡᠷᠬᠡ ᠶᠢ ᠡᠷᠬᠡ ᠲᠡᠭᠰᠢ ᠪᠠᠷ ᠡᠳ᠋ᠯᠡᠭᠦᠯᠵᠦ᠂ ᠨᠡᠩ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ | ᠬᠡᠷᠡᠭᠲᠡᠢ ᠭᠡᠳᠡᠭ ᠢ ᠬᠠᠷᠠᠭᠤᠯᠵᠤ ᠪᠠᠶᠢᠨ᠎ᠠ᠃ | 5. ᠬᠥᠲᠥᠯᠥᠭᠴᠢ | ᠲᠠ ᠰᠠᠶ᠋ᠢᠬᠠᠨ ᠡᠨᠡ ᠵᠢᠯ ᠤᠨ 315 ᠤ ︽ᠬᠡᠷᠡᠭᠯᠡᠭᠡ ᠶᠢᠨ ᠭᠤᠣᠯᠴᠢ ᠪᠠᠶᠢᠬᠤ ᠶᠢ ᠬᠠᠮᠳᠤᠪᠡᠷ ᠠᠬᠢᠭᠤᠯᠤᠶ᠎ᠠ | ︾ ᠭᠡᠬᠦ ᠭᠤᠣᠯ ᠰᠡᠳᠦᠪ ᠢ ᠳᠤᠷᠠᠳᠤᠭᠰᠠᠨ ᠪᠠᠶᠢᠨ᠎ᠠ᠃ ᠪᠢᠳᠡᠨ ᠤ ᠮᠡᠳᠡᠭᠡᠵᠢ ᠪᠠᠷ᠂ ᠣᠶᠢᠷ᠎ᠠ ᠶᠢᠨ ᠵᠢᠯ ᠤᠳ ᠲᠤ᠂ | ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠳᠡᠭᠡᠭᠰᠢᠯᠡᠬᠦ ᠶᠢ ᠳᠠᠭᠠᠯᠳᠤᠨ᠂ ᠬᠡᠷᠡᠭᠯᠡᠭᠡᠨ ᠤ | ᠵᠢᠭᠤᠷᠠᠯᠳᠤᠭᠠᠨ ᠳᠤ ᠤᠴᠠᠷᠠᠬᠤ ᠦᠶ᠎ᠡ ᠳᠤ᠂ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠲᠤᠰᠠᠯᠠᠮᠵᠢ ᠭᠤᠶᠤᠴᠢᠯᠠᠳᠠᠭ᠂ ᠲᠡᠭᠡᠪᠡᠯ ᠪᠢᠳᠠ ᠬᠡᠷᠡᠭᠯᠡᠭᠡᠨ ᠤ ᠲᠠᠯ᠎ᠠ ᠶᠢᠨ ᠵᠢᠭᠤᠷᠠᠯᠳᠤᠭᠠᠨ ᠳᠤ | ᠲᠤᠯᠭᠠᠷᠠᠪᠠᠯ ᠶᠠᠮᠠᠷ ᠠᠷᠭ᠎ᠠ ᠮᠠᠶ᠋ᠢᠭ ᠢᠶᠠᠷ ᠭᠤᠮᠣᠳᠠᠯ ᠲᠣᠭᠠᠴᠢᠬᠤ ᠴᠢᠬᠤᠯᠠᠲᠠᠢ ᠪᠤᠢ︖ | 6. ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ | ᠵᠧᠨ | ᠪᠢᠳᠡ ᠣᠳᠣᠬᠠᠨ ᠳᠤ ᠭᠤᠣᠯᠳᠠᠭᠤ ᠳᠣᠣᠷᠠᠬᠢ ᠬᠡᠳᠦᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ | ᠬᠡᠷᠡᠭᠯᠡᠭᠡᠨ ᠤ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠵᠦ ᠪᠠᠶᠢᠨ᠎ᠠ᠄ | ᠨᠢᠭᠡ ᠳᠤ 12315 ᠲᠠᠪᠴᠠᠩ᠂ ᠭᠤᠣᠯᠳᠠᠭᠤ ᠤᠳᠠᠰᠤ ᠲᠤᠰᠴᠤ ᠭᠥᠯᠢᠶᠡᠨ ᠠᠪᠤᠨ᠎ᠠ᠂ ᠡᠨᠡ ᠨᠢ ᠣᠳᠣᠬᠠᠨ ᠳᠤ | 76.93% ᠶᠢ ᠡᠵᠡᠯᠡᠵᠦ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠷᠭ᠎ᠠ ᠵᠠᠮ ᠤᠨ ᠲᠣᠳᠤᠷ᠎ᠠ ᠨᠡᠯᠢᠶᠡᠳ | ᠶᠡᠭᠡ ᠶᠢ ᠡᠵᠡᠯᠡᠵᠦ ᠪᠠᠶᠢᠨ᠎ᠠ︔ ᠬᠤᠶᠠᠷ ᠲᠤ ᠢᠨᠲ᠋ᠧᠷ ᠰᠦᠯᠵᠢᠶᠡᠨ ᠤ ᠠᠷᠭ᠎ᠠ ᠵᠠᠮ᠂ ᠡᠭᠦᠨ ᠳᠤ PC ᠦᠵᠦᠭᠦᠷ᠂ | APP᠂ ᠸᠢᠴᠠᠲ ᠤᠨ ᠵᠢᠵᠢᠭ ᠫᠷᠣᠭ᠍ᠷᠠᠮ ᠪᠠ ᠸᠢᠴᠠᠲ ᠤᠨ ᠨᠡᠶᠢᠲᠡ ᠶᠢᠨ ᠳ᠋ᠤᠭᠠᠷ᠂ ᡁᠢ ᠹᠦ᠋ ᠪᠣᠣ ᠤᠨ ᠵᠢᠵᠢᠭ | ᠫᠷᠣᠭ᠍ᠷᠠᠮ ᠪᠠ ᠬᠤᠲᠠ ᠶᠢᠨ ᠦᠢᠯᠡᠴᠢᠯᠡᠭᠡ ᠵᠡᠷᠭᠡ ᠪᠠᠭᠲᠠᠨ᠎ᠠ᠂ ᠡᠨᠡ ᠨᠢ 20.72% ᠢ ᠡᠵᠡᠯᠡᠵᠦ ᠪᠠᠶᠢᠨ᠎ᠠ︔ | ᠭᠤᠷᠪᠠ ᠳᠤ ᠰᠢᠤᠳᠠᠨ ᠤ ᠬᠠᠶᠢᠷᠴᠠᠭ᠂ ᠵᠠᠬᠢᠳᠠᠯ᠂ ᠪᠤᠰᠤᠳ ᠰᠠᠯᠠᠭ᠎ᠠ ᠮᠥᠴᠢᠷ ᠰᠢᠯᠵᠢᠭᠦᠯᠦᠨ ᠰᠢᠢᠳᠪᠦᠷᠢᠯᠡᠭᠦᠯᠬᠦ | ᠵᠡᠷᠭᠡ ᠪᠣᠯᠣᠨ᠎ᠠ᠂ ᠡᠨᠡ ᠨᠢ 2.35% ᠶᠢ ᠡᠵᠡᠯᠡᠵᠦ ᠪᠠᠶᠢᠨ᠎ᠠ᠃ ᠡᠭᠦᠨ ᠠᠴᠠ ᠭᠠᠳᠠᠨ᠎ᠠ ᠪᠠᠰᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ᠂ | ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ᠂ ᠶᠠᠷᠢᠶ᠎ᠠ ᠬᠡᠯᠡᠯᠴᠡᠭᠡ ᠶᠢ ᠬᠦᠯᠢᠶᠡᠨ ᠠᠪᠴᠤ ᠰᠢᠢᠳᠪᠦᠷᠢᠯᠡᠬᠦ | ᠵᠡᠷᠭᠡ ᠠᠷᠭ᠎ᠠ ᠵᠠᠮ ᠪᠣᠢ᠃ | 7. ᠬᠥᠲᠥᠯᠥᠭᠴᠢ | ᠮᠠᠨ ᠤ ᠠᠷᠠᠳ ᠣᠯᠠᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠦᠷᠭᠦᠯᠵᠢ ︽ᠬᠡᠷᠡᠭᠯᠡᠭᠡᠨ ᠤ | ᠵᠢᠭᠤᠷᠠᠯᠳᠤᠭᠠᠨ ᠲᠣᠬᠢᠶᠠᠯᠳᠤᠪᠠᠯ᠂ ᠤᠷᠢᠳ ᠢᠶᠠᠷ 12315 ᠶᠢ ᠡᠷᠢᠨ᠎ᠡ︾ ᠭᠡᠵᠦ ᠶᠠᠷᠢᠳᠠᠭ᠃ ᠡᠨᠡ ᠨᠢ | 12315 ᠲᠠᠪᠴᠠᠩ ᠤᠨ ᠠᠷᠠᠳ ᠣᠯᠠᠨ ᠤ ᠰᠡᠳᠬᠢᠯ ᠳᠠᠬᠢ ᠴᠢᠬᠤᠯᠠ ᠴᠢᠨᠠᠷ ᠢ ᠬᠠᠷᠠᠭᠤᠯᠵᠤ ᠪᠠᠶᠢᠭ᠎ᠠ ᠶᠤᠮ᠃ | ᠨᠢᠳᠤᠨᠤᠨ ᠤ 12315 ᠶᠢᠨ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠢ ᠲᠠ ᠪᠢᠳᠡᠨ ᠳᠤ | ᠲᠠᠨᠢᠯᠴᠠᠭᠤᠯᠤᠭᠠᠳ ᠦᠭᠭᠦᠨ᠎ᠡ ᠤᠤ︖ | 8. ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ | ᠵᠧᠨ | 2021ᠣᠨ ᠳᠤ ᠬᠥᠬᠡᠬᠤᠲᠠ ᠶᠢᠨ ᠪᠥᠬᠦ ᠤᠯᠤᠰ ᠤᠨ 12315 ᠲᠠᠪᠴᠠᠩ ᠡᠯ᠎ᠡ ᠲᠥᠷᠥᠯ ᠤᠨ | ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠯᠠᠪᠯᠠᠯᠭ᠎ᠠ ᠶᠢ ᠨᠡᠶᠢᠲᠡ 4.28 ᠲᠦᠮᠡᠨ ᠬᠤᠪᠢ ᠭᠥᠯᠢᠶᠡᠨ ᠠᠪᠴᠤ᠂ | ᠠᠳᠠᠯᠢ ᠬᠤᠭᠤᠴᠠᠭᠠᠨ ᠤ ᠬᠢ ᠠᠴᠠ 145.32% ᠨᠡᠮᠡᠭᠳᠡᠪᠡ ︵2020 ᠣᠨ ᠳᠤ ᠵᠠᠭᠠᠯᠳᠤᠯᠭ᠎ᠠ ᠢᠯᠡᠴᠢᠯᠡᠨ | ᠮᠡᠳᠡᠭᠦᠯᠦᠯᠲᠡ ᠶᠢ ᠨᠡᠶᠢᠲᠡ 1.75 ᠲᠦᠮᠡᠨ ᠬᠤᠪᠢ ᠭᠥᠯᠢᠶᠡᠨ ᠠᠪᠤᠪᠠ᠂ ᠡᠭᠦᠨ ᠳᠤ ᠵᠠᠭᠠᠯᠳᠤᠯᠭ᠎ᠠ13518 | ᠬᠤᠪᠢ᠂ ᠢᠯᠡᠴᠢᠯᠡᠨ ᠮᠡᠳᠡᠭᠦᠯᠦᠯᠲᠡ3922 ᠬᠤᠪᠢ︶᠃ ᠡᠭᠦᠨ ᠳᠤ ᠵᠠᠭᠠᠯᠳᠤᠯᠭ᠎ᠠ ᠭᠥᠯᠢᠶᠡᠨ ᠠᠪᠴᠤ | ᠰᠢᠢᠳᠪᠦᠷᠢᠯᠡᠭᠰᠡᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠨᠢ ᠭᠤᠣᠯᠳᠠᠭᠤ᠄ ᠭᠡᠷ᠎ᠡ᠂ ᠢᠳᠡᠭᠡᠨ ᠤ ᠠᠮᠤᠷ | ᠲᠦᠪᠰᠢᠨ᠂ ᠶᠠᠰᠤ ᠴᠢᠨᠠᠷ᠂ ᠪᠤᠰᠤᠳ ᠵᠦᠢᠯ ᠵᠡᠷᠭᠡ ᠪᠣᠯᠣᠨ᠎ᠠ᠃ ᠵᠠᠭᠠᠯᠳᠤᠯᠭ᠎ᠠ ᠭᠥᠯᠢᠶᠡᠨ ᠠᠪᠴᠤ | ᠰᠢᠢᠳᠪᠦᠷᠢᠯᠡᠭᠰᠡᠨ ᠬᠡᠮᠵᠢᠶ᠎ᠡ ᠪᠠᠷ ᠨᠡᠯᠢᠶᠡᠳ ᠶᠡᠭᠡ ᠲᠠᠸᠠᠷ ᠲᠤ ᠭᠤᠣᠯᠳᠠᠭᠤ᠄ ᠡᠩ ᠤᠨ ᠢᠳᠡᠭᠡᠨ᠂ ᠬᠤᠪᠴᠠᠰᠤ | ᠬᠤᠨᠠᠷ᠂ ᠱᠠᠬᠠᠢ ᠮᠠᠯᠠᠭᠠᠢ᠂ ᠪᠤᠰᠤᠳ ᠲᠠᠸᠠᠷ᠂ ᠵᠠᠮ ᠬᠠᠷᠢᠯᠴᠠᠭᠠᠨ ᠤ ᠪᠠᠭᠠᠵᠢ ᠵᠡᠷᠭᠡ ᠪᠤᠶ᠃ ᠵᠠᠭᠠᠯᠳᠤᠯᠭ᠎ᠠ | ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠪᠠᠷ ᠨᠡᠯᠢᠶᠡᠳ ᠶᠡᠭᠡ ᠦᠢᠯᠡᠴᠢᠯᠡᠭᠡ ᠳᠤ ᠭᠤᠣᠯᠳᠠᠭᠤ᠄ | ᠪᠣᠷᠤᠯᠠᠭᠤᠯᠭ᠎ᠠ ᠶᠢᠨ ᠦᠢᠯᠡᠴᠢᠯᠡᠭᠡ᠂ ᠬᠤᠭᠤᠯᠠ ᠤᠮᠳᠠ ᠪᠠ ᠬᠤᠨᠤᠭ ᠪᠠᠭᠤᠳᠠᠯ ᠤᠨ ᠦᠢᠯᠡᠴᠢᠯᠡᠭᠡ᠂ ᠰᠤᠷᠭᠠᠨ | ᠬᠥᠮᠦᠵᠢᠯ᠂ ᠪᠣᠯᠪᠠᠰᠤᠷᠠᠯ ᠤᠨ ᠦᠢᠯᠡᠴᠢᠯᠡᠭᠡ᠂ ᠪᠤᠰᠤᠳ ᠦᠢᠯᠡᠴᠢᠯᠡᠭᠡ ᠵᠡᠷᠭᠡ ᠪᠤᠶ᠃ ᠢᠯᠡᠴᠢᠯᠡᠨ ᠮᠡᠳᠡᠭᠦᠯᠦᠭᠰᠡᠨ | ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠨᠢ ᠭᠤᠣᠯᠳᠠᠭᠤ᠄ ᠢᠳᠡᠭᠡᠨ ᠤ ᠠᠰᠠᠭᠤᠳᠠᠯ᠂ ᠵᠠᠷ ᠤᠨ ᠬᠠᠤᠯᠢ ᠠᠴᠠ | ᠵᠥᠷᠢᠴᠡᠭᠰᠡᠨ ᠠᠵᠢᠯᠯᠠᠭ᠎ᠠ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠪᠣᠯᠣᠨ᠎ᠠ᠃ | ᠢᠯᠡᠴᠢᠯᠡᠨ ᠮᠡᠳᠡᠭᠦᠯᠦᠭᠰᠡᠨ ᠬᠡᠮᠵᠢᠶ᠎ᠡ ᠪᠠᠷ ᠨᠡᠯᠢᠶᠡᠳ ᠶᠡᠭᠡ ᠲᠠᠸᠠᠷ ᠲᠤ ᠭᠤᠣᠯᠳᠠᠭᠤ᠄ ᠡᠩ ᠤᠨ ᠢᠳᠡᠭᠡᠨ᠂ ᠲᠠᠮᠠᠬᠢ᠂ | ᠠᠷᠢᠬᠢ ᠪᠣᠯᠣᠨ ᠤᠮᠳᠠᠭᠠᠨ᠂ ᠭᠡᠷ ᠤᠨ ᠡᠳ᠋ᠯᠡᠯ ᠬᠡᠷᠡᠭᠰᠡᠯ᠂ ᠪᠤᠰᠤᠳ ᠲᠠᠸᠠᠷ ᠵᠡᠷᠭᠡ︔ ᠢᠯᠡᠴᠢᠯᠡᠨ ᠮᠡᠳᠡᠭᠦᠯᠦᠭᠰᠡᠨ | ᠬᠡᠮᠵᠢᠶ᠎ᠡ ᠪᠠᠷ ᠨᠡᠯᠢᠶᠡᠳ ᠶᠡᠭᠡ ᠦᠢᠯᠡᠴᠢᠯᠡᠭᠡ ᠳᠤ ᠭᠤᠣᠯᠳᠠᠭᠤ᠄ ᠬᠤᠭᠤᠯᠠ ᠤᠮᠳᠠ ᠪᠠ ᠬᠤᠨᠤᠭ ᠪᠠᠭᠤᠳᠠᠯ ᠤᠨ | ᠦᠢᠯᠡᠴᠢᠯᠡᠭᠡ᠂ ᠪᠣᠷᠤᠯᠠᠭᠤᠯᠭ᠎ᠠ ᠶᠢᠨ ᠦᠢᠯᠡᠴᠢᠯᠡᠭᠡ᠂ ᠰᠤᠷᠭᠠᠨ ᠬᠥᠮᠦᠵᠢᠯ᠂ ᠪᠣᠯᠪᠠᠰᠤᠷᠠᠭᠤᠯᠤᠯ ᠤᠨ ᠦᠢᠯᠡᠴᠢᠯᠡᠭᠡ᠂ | ᠪᠤᠰᠤᠳ ᠦᠢᠯᠡᠴᠢᠯᠡᠭᠡ ᠵᠡᠷᠭᠡ ᠪᠣᠶ᠃12315 ᠲᠠᠪᠴᠠᠩ ᠢᠶᠠᠷ ᠳᠠᠮᠵᠢᠭᠤᠯᠤᠨ᠂ 2021 ᠣᠨ ᠳᠤ ᠪᠢᠳᠡ | ᠬᠡᠷᠡᠭᠯᠡᠭᠴᠢᠳ ᠲᠤ ᠨᠡᠶᠢᠳᠡ 2088.98 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ | ᠠᠪᠴᠢᠷᠠᠵᠤ ᠥᠭᠪᠡ᠃ | ᠡᠭᠦᠨ ᠳᠤ᠂ ᠣᠨᠴᠠᠭᠠᠶᠢᠯᠠᠨ ᠳᠤᠷᠠᠳᠤᠭᠤᠰᠢᠲᠠᠢ ᠨᠢ᠂ ᠮᠠᠨ ᠤ ᠬᠤᠲᠠ ᠶᠢᠨ ᠲᠣᠰ ᠤᠳᠠᠭᠠᠨ ᠤ ᠬᠢᠵᠢᠭ ᠤᠨ | ᠪᠠᠶᠢᠳᠠᠯ᠂ ᠥᠭᠡᠷ᠎ᠡ ᠪᠠᠷ ᠬᠡᠯᠡᠪᠡᠯ 2 ᠳ᠋ᠤᠭᠠᠷ ᠰᠠᠷ᠎ᠠ ᠶᠢᠨ 16 ᠤ ᠡᠳᠦᠷ ᠠᠴᠠ ᠣᠲᠣ ᠪᠣᠯᠲᠠᠯ᠎ᠠ᠂ 12315 | ᠳᠠᠪᠴᠠᠩ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠨᠡᠶᠢᠲᠡ 194 | ᠬᠤᠪᠢ ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ 138 ᠬᠤᠪᠢ ᠵᠠᠭᠠᠯᠳᠤᠯᠭ᠎ᠠ᠂ 56 ᠬᠤᠪᠢ ᠢᠯᠡᠴᠢᠯᠡᠨ | ᠮᠡᠳᠡᠭᠦᠯᠦᠯᠲᠡ ᠶᠢ ᠭᠥᠯᠢᠶᠡᠨ ᠠᠪᠤᠭᠰᠠᠨ ᠪᠠᠶᠢᠨ᠎ᠠ᠃ ᠵᠠᠭᠠᠯᠳᠤᠯᠭ᠎ᠠ ᠶᠢᠨ ᠪᠠᠶᠢᠳᠠᠯ ᠤᠨ ᠵᠠᠳᠠᠯᠤᠯᠲᠠ ᠠᠴᠠ ᠦᠵᠡᠪᠡᠯ | ᠂ ᠭᠤᠣᠯᠳᠠᠭᠤ ᠢᠳᠡᠰᠢᠨ ᠨᠣᠭᠤᠭ᠎ᠠ᠂ ᠮᠢᠬ᠎ᠠ ᠵᠢᠴᠢ ᠮᠢᠬᠠᠨ ᠢᠳᠡᠭᠡᠨ᠂ ᠵᠢᠮᠢᠰ᠂ ᠡᠮ ᠤᠨ ᠵᠦᠢᠯ᠂ ᠲᠤᠲᠤᠷᠭ᠎ᠠ | ᠵᠡᠷᠭᠡ ᠠᠮᠢᠳᠤᠷᠠᠯ ᠤᠨ ᠡᠳ᠋ ᠪᠣᠳᠠᠰ ᠤᠨ ᠦᠨ᠎ᠡ ᠬᠡᠲᠦ ᠥᠨᠳᠥᠷ ᠪᠤᠶᠤ ᠦᠨ᠎ᠡ ᠬᠠᠩᠰᠢ ᠶᠢ ᠢᠯᠡ ᠲᠡᠮᠳᠡᠭᠯᠡᠭᠰᠡᠨ | ᠦᠭᠡᠢ ᠵᠡᠷᠭᠡ ᠲᠠᠯ᠎ᠠ ᠶᠢᠨ ᠵᠠᠭᠠᠯᠳᠤᠯᠭ᠎ᠠ ᠨᠡᠶᠢᠲᠡ 143 ᠬᠤᠪᠢ ᠪᠠᠶᠢᠨ᠎ᠠ᠂ ᠡᠭᠦᠨ ᠳᠤ ᠬᠤᠯᠪᠣᠭᠳᠠᠬᠤ ᠭᠤᠣᠯ | ᠴᠣᠭᠴᠠ ᠨᠢ ᠭᠤᠣᠯᠳᠠᠭᠤ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠡᠮ ᠤᠨ ᠳᠡᠯᠭᠡᠭᠦᠷ | ᠵᠡᠷᠭᠡ ᠪᠣᠯᠣᠨ᠎ᠠ︔ ᠳᠠᠷᠠᠭᠠᠯᠠᠪᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠵᠣᠬᠢᠰ | ᠦᠭᠡᠢ ︵ᠠᠮᠠᠪᠴᠢ ᠵᠡᠭᠦᠬᠦ ᠦᠭᠡᠢ᠂ ᠡᠷᠡᠭᠦᠯ ᠮᠡᠨᠳᠦ ᠶᠢᠨ ᠺᠣᠳ᠋ ᠢ ᠦᠵᠡᠬᠦ ᠦᠭᠡᠢ᠂ ᠬᠥᠮᠥᠨ ᠬᠠᠷ᠎ᠠ ᠴᠤᠭᠯᠠᠷᠠᠬᠤ᠂ | ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠵᠡᠷᠭᠡ︶ ᠳᠤ ᠬᠤᠯᠪᠣᠭᠳᠠᠭᠰᠠᠨ | ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠨᠡᠶᠢᠲᠡ 22 ᠬᠤᠪᠢ ᠪᠣᠶ᠂ ᠡᠭᠦᠨ ᠳᠤ ᠬᠤᠯᠪᠣᠭᠳᠠᠭᠰᠠᠨ ᠭᠤᠣᠯ | ᠴᠣᠭᠴᠠ ᠨᠢ ᠭᠤᠣᠯᠳᠠᠭᠤ ᠢᠳᠡᠰᠢᠨ ᠨᠣᠭᠤᠭᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠪᠣᠯᠪᠠᠰᠤᠷᠠᠭᠤᠯᠤᠯ ᠤᠨ | ᠪᠠᠶᠢᠭᠤᠯᠤᠮᠵᠢ᠂ ᠡᠮ ᠤᠨ ᠳᠡᠯᠭᠡᠭᠦᠷ ᠵᠡᠷᠭᠡ ᠪᠣᠯᠣᠨ᠎ᠠ︔ ᠰᠦᠢᠳᠬᠡᠯ ᠪᠤᠴᠠᠭᠠᠬᠤ ᠠᠰᠠᠭᠤᠳᠠᠯ ᠳᠤ ᠬᠤᠯᠪᠣᠭᠳᠠᠭᠰᠠᠨ | ᠨᠢ ᠨᠡᠶᠢᠲᠡ 24 ᠬᠤᠪᠢ ᠪᠠᠶᠢᠵᠤ᠂ ᠬᠤᠯᠪᠤᠭᠳᠠᠭᠰᠠᠨ ᠭᠤᠣᠯ ᠴᠤᠭᠴᠠ ᠨᠢ ᠵᠣᠴᠢᠳ ᠤᠨ ᠪᠠᠭᠤᠳᠠᠯ᠂ | ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠡᠲᠦ ᠳᠡᠯᠭᠡᠭᠦᠷ ᠵᠡᠷᠭᠡ ᠪᠣᠯᠤᠨ᠎ᠠ᠂ ᠪᠤᠰᠤᠳ ᠲᠠᠯ᠎ᠠ ᠶᠢᠨ ᠵᠠᠭᠠᠯᠳᠤᠯᠭ᠎ᠠ | ᠢᠯᠡᠴᠢᠯᠡᠨ ᠮᠡᠳᠡᠭᠦᠯᠦᠯᠲᠡ ᠨᠡᠶᠢᠲᠡ 5 ᠬᠤᠪᠢ ᠪᠣᠢ ᠃ | 9. ᠬᠥᠲᠥᠯᠥᠭᠴᠢ | ᠪᠢᠳᠡ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠴᠠ ᠦᠵᠡᠪᠡᠯ᠂ ᠢᠳᠡᠭᠡᠨ ᠤ ᠠᠮᠤᠷ ᠲᠦᠪᠰᠢᠨ ᠤ | ᠠᠰᠠᠭᠤᠳᠠᠯ ᠨᠢ ᠠᠯᠢ ᠱᠠᠲᠤ ᠦᠶ᠎ᠡ ᠳᠤ ᠴᠤ ᠭᠡᠳ ᠴᠥᠮ ᠠᠷᠠᠳ ᠣᠯᠠᠨ ᠤ ᠠᠩᠬᠠᠷᠤᠯ ᠢ ᠬᠠᠮᠤᠭ ᠠᠴᠠ ᠢᠯᠡᠭᠦᠦ | ᠲᠠᠲᠠᠵᠤ ᠪᠠᠶᠢᠨ᠎ᠠ᠃ ᠲᠠ ᠰᠠᠶ᠋ᠢᠬᠠᠨ ᠪᠠᠰᠠ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠵᠠᠭᠠᠯᠳᠤᠯᠭ᠎ᠠ ᠪᠠ | ᠢᠯᠡᠴᠢᠯᠡᠨ ᠮᠡᠳᠡᠭᠦᠯᠦᠯᠲᠡ ᠶᠢ ᠲᠤᠷᠠᠳᠤᠯ᠎ᠠ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ | ᠨᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠯ᠎ᠡ ᠲᠠᠯ᠎ᠠ ᠶᠢᠨ ᠬᠢᠨ ᠤ ᠠᠩᠬᠠᠷᠤᠯ ᠢ ᠬᠠᠮᠤᠭ ᠠᠴᠠ ᠢᠯᠡᠭᠦᠦ | ᠲᠠᠲᠠᠳᠠᠭ᠂ ᠲᠡᠭᠡᠪᠡᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ | ᠬᠤᠪᠢ ᠳᠤ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠯ︖ ᠡᠨᠡ ᠨᠢ ᠮᠥᠨ ᠴᠦ ᠰᠦᠯᠵᠢᠶᠡᠨ ᠠᠨᠳᠠ | ᠨᠠᠷ ᠤᠨ ᠠᠩᠬᠠᠷᠤᠯ ᠲᠠᠯᠪᠢᠵᠤ ᠪᠠᠶᠢᠭ᠎ᠠ ᠵᠦᠢᠯ ᠪᠣᠯᠣᠨ᠎ᠠ᠃ | 10. ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ | ᠳᠠᠷᠤᠭ᠎ᠠ ᠶᠦᠨ ᠴᠢᠶᠠᠩ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ | ᠬᠢᠵᠢᠭ ᠤᠨ ᠪᠠᠶᠢᠳᠠᠯ ᠤᠨ ᠵᠢᠯᠤᠭᠤᠳᠬᠤ ᠭᠠᠵᠠᠷ ᠵᠢᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠥᠪᠥᠷ ᠮᠣᠩᠭᠤᠯ ᠤᠨ | ᠬᠦᠢᠲᠡᠨ ᠬᠡᠯᠬᠢᠶ᠎ᠡ︾ ᠮᠦᠷᠳᠡᠬᠦ ᠰᠢᠰᠲ᠋ᠧᠮ ᠢ ᠬᠡᠷᠡᠭᠯᠡᠵᠦ ᠭᠠᠳᠠᠭᠠᠳᠤ ᠠᠴᠠ ᠣᠷᠣᠭᠤᠯᠤᠭᠰᠠᠨ ᠬᠦᠢᠲᠡᠨ | ᠬᠡᠯᠬᠢᠶᠡᠨ ᠤ ᠢᠳᠡᠭᠡᠨ ᠪᠠ ᠭᠠᠳᠠᠭᠠᠳᠤ ᠠᠴᠠ ᠣᠷᠣᠭᠤᠯᠤᠭᠰᠠᠨ ᠠᠯᠢᠮ᠎ᠠ ᠵᠢᠮᠢᠰ ᠲᠤ ᠬᠢᠨᠠᠯᠲᠠ ᠬᠠᠮᠢᠶᠠᠷᠤᠯᠲᠠ ᠶᠢᠨ | ᠠᠵᠢᠯ ᠬᠢᠵᠦ᠂ 2020 ᠣᠨ ᠤ 12 ᠳ᠋ᠤᠭᠠᠷ ᠰᠠᠷ᠎ᠠ ᠶᠢᠨ 28 ᠤ ᠡᠳᠦᠷ ᠠᠴᠠ ᠡᠬᠢᠯᠡᠵᠦ ᠠᠵᠢᠯᠯᠠᠭᠤᠯᠤᠭᠰᠠᠨ | ᠠᠴᠠ ᠨᠠᠰᠢ᠂ ᠭᠠᠳᠠᠭᠠᠳᠤ ᠠᠴᠠ ᠣᠷᠣᠭᠤᠯᠤᠭᠰᠠᠨ ᠬᠥᠯᠳᠡᠭᠡᠭᠰᠡᠨ ᠢᠳᠡᠭᠡᠨ ᠢ ᠬᠠᠮᠢᠶᠠᠷᠤᠯᠲᠠ ᠶᠢᠨ ᠰᠢᠰᠲ᠋ᠧᠮ ᠳᠤ | ᠣᠷᠣᠭᠤᠯᠵᠤ᠂ 2022 ᠣᠨ ᠤ 1 ᠳ᠋ᠤᠭᠡᠷ ᠰᠠᠷ᠎ᠠ ᠶᠢᠨ 28 ᠤ ᠡᠳᠦᠷ ᠠᠴᠠ ᠡᠬᠢᠯᠡᠨ ᠭᠠᠳᠠᠭᠠᠳᠤ ᠠᠴᠠ | ᠣᠷᠣᠭᠤᠯᠤᠭᠰᠠᠨ ᠠᠯᠢᠮ᠎ᠠ ᠵᠢᠮᠢᠰ ᠢ ᠴᠦ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠪᠠ᠃ | ᠮᠠᠨ ᠤ ᠲᠣᠪᠴᠢᠶ᠎ᠠ ︽ᠥᠪᠥᠷ ᠮᠣᠩᠭᠤᠯ ᠤᠨ ᠬᠦᠢᠲᠡᠨ ᠬᠡᠯᠬᠢᠶ᠎ᠡ︾ ᠰᠢᠰᠲ᠋ᠧᠮ ᠢ ᠳᠡᠯᠭᠡᠷᠡᠭᠦᠯᠦᠨ | ᠠᠵᠢᠯᠯᠠᠭᠤᠯᠬᠤ ᠶᠢ ᠢᠳᠡᠪᠬᠢᠲᠡᠢ ᠥᠷᠨᠢᠭᠦᠯᠵᠦ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶ᠎ᠡ ᠶᠢᠨ | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠵᠢᠴᠢ ᠭᠠᠳᠠᠭᠠᠳᠤ ᠠᠴᠠ ᠣᠷᠣᠭᠤᠯᠤᠭᠰᠠᠨ | ᠠᠯᠢᠮ᠎ᠠ ᠵᠢᠮᠢᠰ ᠡᠵᠡᠩᠨᠡᠭᠴᠢ ᠶᠢᠨ ᠪᠣᠷᠣᠯᠠᠭᠤᠯᠬᠤ᠂ ᠦᠢᠯᠡᠳᠪᠦᠷᠢᠯᠡᠬᠦ᠂ ᠬᠠᠳᠠᠭᠠᠯᠠᠬᠤ᠂ ᠢᠳᠡᠭᠡᠨ ᠤᠮᠳᠠᠭᠠᠨ ᠤ | ᠦᠢᠯᠡᠴᠢᠯᠡᠭᠡ ᠵᠡᠷᠭᠡ ᠬᠠᠮᠢᠶ᠎ᠠ ᠪᠦᠬᠦᠢ ᠵᠠᠩᠭᠢᠯᠠᠭ᠎ᠠ ᠶᠢᠨ ᠭᠦᠢᠯᠭᠡᠭᠡᠨ ᠤ ᠮᠡᠳᠡᠭᠡ ᠵᠠᠩᠭᠢ ᠪᠠᠨ ᠰᠢᠰᠲ᠋ᠧᠮ ᠤᠨ | ᠬᠠᠮᠢᠶᠠᠷᠤᠯᠲᠠ ᠳᠤ ᠣᠷᠣᠭᠤᠯᠬᠤ ᠶᠢ ᠰᠢᠮᠳᠠᠭᠤᠯᠪᠠ᠃ ᠡᠭᠦᠨ ᠤ ᠬᠠᠮᠲᠤ ᠮᠠᠨ ᠤ ᠲᠣᠪᠴᠢᠶ᠎ᠠ ︽ᠰᠦᠯᠵᠢᠶᠡᠨ | ᠳᠡᠭᠡᠷᠡᠬᠢ᠂ ᠰᠦᠯᠵᠢᠶᠡᠨ ᠠᠴᠠ ᠭᠠᠳᠠᠭᠤᠷᠬᠢ︾ ᠣᠯᠠᠨ ᠵᠦᠢᠯ ᠤᠨ ᠠᠷᠭ᠎ᠠ ᠮᠠᠶ᠋ᠢᠭ ᠢᠶᠠᠷ ︽ ᠥᠪᠥᠷ ᠮᠣᠩᠭᠤᠯ ᠤᠨ | ᠬᠦᠢᠲᠡᠨ ᠬᠡᠯᠬᠢᠶ᠎ᠡ︾ ᠶᠢ ᠠᠵᠢᠯᠯᠠᠭᠤᠯᠬᠤ ᠶᠢ ᠲᠦᠭᠡᠮᠡᠯᠵᠢᠬᠦᠯᠬᠦ ᠪᠣᠯᠪᠠᠰᠤᠷᠠᠭᠤᠯᠤᠯ ᠬᠢᠪᠡ᠃ ᠣᠷᠣᠨ ᠤ | ᠭᠠᠳᠠᠨ᠎ᠠ ᠠᠴᠠ ᠭᠠᠳᠠᠭᠠᠳᠤ ᠠᠴᠠ ᠣᠷᠣᠭᠤᠯᠤᠭᠰᠠᠨ ᠵᠢᠴᠢ ᠥᠨᠳᠥᠷ ᠳᠤᠮᠳᠠ ᠵᠡᠷᠭᠡ ᠶᠢᠨ ᠲᠦᠭᠰᠢᠭᠦᠷᠢ ᠲᠠᠢ | ᠭᠠᠵᠠᠷ ᠣᠷᠣᠨ ᠤ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠵᠢᠴᠢ ᠠᠯᠢᠮ᠎ᠠ ᠵᠢᠮᠢᠰ ᠢ | ᠣᠷᠣᠭᠤᠯᠬᠤ ᠨᠢᠭᠡᠴᠡ ᠪᠣᠯᠣᠨ ᠬᠤᠪᠢ ᠬᠥᠮᠥᠨ ᠡᠷᠬᠡᠪᠰᠢ ᠢᠳᠡᠭᠡᠨ ᠤ ᠵᠦᠢᠯ ᠬᠦᠷᠴᠦ ᠢᠷᠡᠬᠦ ᠠᠴᠠ 24 ᠴᠠᠭ ᠤᠨ | ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠤᠭᠰᠠᠨ ᠬᠦᠢᠲᠡᠨ | ᠬᠡᠯᠬᠢᠶᠡᠨ ᠤ ᠢᠳᠡᠭᠡᠨ ᠢ ᠮᠦᠷᠳᠡᠬᠦ ᠰᠢᠰᠲ᠋ᠧᠮ ︵ᠸᠢᠴᠠᠲ ᠤᠨ ᠵᠢᠵᠢᠭ ᠫᠷᠣᠭ᠍ᠷᠠᠮ ︽ ᠥᠪᠥᠷ ᠮᠣᠩᠭᠤᠯ ᠤᠨ | ᠬᠦᠢᠲᠡᠨ ᠬᠡᠯᠬᠢᠶ᠎ᠡ︾︶ ᠳᠤ ᠣᠷᠣᠵᠤ ᠮᠡᠳᠡᠭᠡ ᠵᠠᠩᠭᠢ ᠶᠢ ᠮᠡᠳᠡᠭᠦᠯᠦᠨ ᠳᠠᠩᠰᠠᠯᠠᠭᠤᠯᠵᠤ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠬᠢᠷᠢ ᠲᠡᠩᠴᠡᠬᠦ ᠶᠢᠨ | ᠬᠠᠮᠲᠤ ︽ᠥᠪᠥᠷ ᠮᠣᠩᠭᠤᠯ ᠤᠨ ᠬᠦᠢᠲᠡᠨ ᠬᠡᠯᠬᠢᠶ᠎ᠡ︾ ᠶᠢᠨ ᠡᠯᠧᠺᠲᠷᠣᠨ ᠮᠦᠷᠳᠡᠬᠦ ᠺᠣᠳ᠋ ᠢ ᠣᠯᠭᠤᠪᠠᠯ ᠰᠠᠶ᠋ᠢ | ᠪᠣᠷᠣᠯᠠᠭᠤᠯᠵᠤ ᠪᠣᠯᠣᠨ᠎ᠠ᠂ ᠬᠤᠯᠪᠤᠭᠳᠠᠯ ᠪᠦᠬᠦᠢ ᠠᠵᠢᠯᠲᠠᠳ ᠡᠷᠬᠡᠪᠰᠢ ᠱᠠᠭᠠᠷᠳᠠᠯᠭ᠎ᠠ ᠶᠣᠰᠣᠭᠠᠷ ᠭᠠᠷᠠᠭ ᠪᠦᠷᠢ 2 | ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃ | ᠡᠭᠦᠨ ᠠᠴᠠ ᠭᠠᠳᠠᠨ᠎ᠠ᠂ ᠪᠠᠰᠠ ᠳᠣᠣᠷᠠᠬᠢ ᠠᠵᠢᠯ ᠤᠳ ᠢ ᠥᠷᠨᠢᠭᠦᠯᠪᠡ᠄ ᠨᠢᠭᠡ ᠳᠤ ᠬᠥᠬᠡᠬᠤᠲᠠ ᠶᠢᠨ | ᠬᠦᠢᠲᠡᠨ ᠬᠡᠯᠬᠢᠶᠡᠨ ᠤ ᠢᠳᠡᠭᠡᠨ ᠤ ᠵᠦᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠶᠢ ᠪᠠᠶᠢᠭᠤᠯᠪᠠ᠃ ᠡᠯ᠎ᠡ ᠭᠡᠰᠢᠭᠦᠨ ᠨᠢᠭᠡᠴᠡ ᠨᠦᠭᠦᠳ ︽ | ᠠᠵᠢᠯ ᠤᠨ ᠲᠥᠰᠥᠯ︾ ᠳᠤ ᠲᠣᠭᠲᠠᠭᠠᠭᠰᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ | ᠬᠦᠢᠲᠡᠨ ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ | ᠲᠤᠰᠬᠠᠢ ᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ᠬᠥᠮᠥᠨ᠂ ᠪᠣᠳᠠᠰ᠂ ᠣᠷᠴᠢᠨ | ᠲᠣᠭᠤᠷᠢᠨ︾ ᠳᠤ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠ ᠵᠢᠷᠤᠮᠵᠢᠯ | ᠲᠠᠢ ᠠᠷᠢᠭᠤᠳᠬᠠᠬᠤ᠂ ᠬᠦᠢᠲᠡᠨ ᠬᠡᠯᠬᠢᠶᠡᠨ ᠤ ᠢᠳᠡᠭᠡᠨ ᠢ ᠬᠠᠮᠵᠢᠨ ᠪᠠᠶᠢᠴᠠᠭᠠᠬᠤ ᠠᠵᠢᠯ ᠢ ᠰᠠᠶᠢᠲᠤᠷ ᠬᠢᠪᠡ᠃ | ᠬᠤᠶᠠᠷ ᠲᠤ᠂ ᠬᠦᠢᠲᠡᠨ ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ | ᠲᠠᠯ᠎ᠠ ᠪᠠᠷ ᠴᠢᠩᠭᠠᠳᠬᠠᠵᠤ᠂ ᠬᠦᠢᠲᠡᠨ ᠬᠡᠯᠬᠢᠶᠡᠨ ᠤ ᠢᠳᠡᠭᠡᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠠᠵᠢᠯ ᠢ ᠥᠷᠨᠢᠭᠦᠯᠪᠡ᠃2020 ᠣᠨ ᠤ 12 ᠳ᠋ᠤᠭᠠᠷ ᠰᠠᠷ᠎ᠠ ᠠᠴᠠ ᠡᠬᠢᠯᠡᠨ᠂ ᠬᠦᠢᠲᠡᠨ ᠬᠡᠯᠬᠢᠶᠡᠨ ᠤ | ᠢᠳᠡᠭᠡᠨ ᠲᠠᠢ ᠬᠤᠯᠪᠣᠭᠳᠠᠬᠤ ︽ᠬᠥᠮᠥᠨ᠂ ᠪᠣᠳᠠᠰ᠂ ᠣᠷᠴᠢᠨ ᠲᠣᠭᠤᠷᠢᠨ︾ ᠢ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠂ ᠭᠠᠳᠠᠭᠠᠲᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ | ᠢᠳᠡᠭᠡᠨ ᠤ ᠬᠤᠯᠪᠤᠭᠳᠠᠯ ᠪᠦᠬᠦᠢ ᠠᠵᠢᠯᠲᠠᠨ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ | ᠵᠢᠴᠢ ᠬᠤᠯᠪᠤᠭᠳᠠᠯ ᠪᠦᠬᠦᠢ ᠣᠷᠴᠢᠨ ᠲᠣᠭᠤᠷᠢᠨ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠪᠠ᠃ | ᠭᠤᠷᠪᠠ ᠳᠤ᠂ ᠬᠦᠢᠲᠡᠨ ᠬᠡᠯᠬᠢᠶᠡᠨ ᠤ ᠢᠳᠡᠭᠡᠨ ᠢ ᠵᠢᠵᠢᠭᠯᠡᠨ ᠬᠤᠳᠠᠯᠳᠤᠬᠤ ᠦᠵᠦᠭᠦᠷ ᠢ ᠴᠢᠩᠭ᠎ᠠ ᠠᠩᠬᠠᠷᠴᠤ᠂ | ᠳᠡᠭᠡᠳᠦ ᠤᠷᠤᠰᠬᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠢ ᠴᠢᠩᠭ᠎ᠠ ᠪᠠᠶᠢᠴᠠᠭᠠᠪᠠ᠃ ᠡᠯ᠎ᠡ ᠱᠠᠲᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠳᠠᠭᠠᠳᠤ ᠠᠴᠠ ᠣᠷᠤᠭᠤᠯᠤᠭᠰᠠᠨ ᠬᠦᠢᠲᠡᠨ | ᠬᠡᠯᠬᠢᠶᠡᠨ ᠤ ᠢᠳᠡᠭᠡᠨ ᠢ ᠪᠥᠭᠡᠮ ᠢᠶᠠᠷ ᠬᠤᠳᠠᠯᠳᠤᠬᠤ ᠬᠤᠳᠠᠯᠳᠤᠭᠠᠴᠢᠨ ᠢ ᠬᠢᠨᠠᠨ ᠬᠠᠮᠢᠶᠠᠷᠬᠤ ᠶᠢᠨ ᠬᠠᠮᠲᠤ᠂ | ᠬᠢᠨᠠᠯᠲᠠ ᠬᠠᠮᠢᠶᠠᠷᠤᠯᠲᠠ ᠶᠢ ᠤᠷᠤᠭᠰᠢ ᠰᠢᠯᠵᠢᠭᠦᠯᠵᠦ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ | ᠢᠳᠡᠭᠡᠨ ᠢ ᠵᠢᠵᠢᠭᠯᠡᠨ ᠬᠤᠳᠠᠯᠳᠤᠬᠤ ᠦᠵᠦᠭᠦᠷ ᠤᠨ ᠪᠠᠶᠢᠴᠠᠭᠠᠯᠲᠠ ᠶᠢ ᠴᠢᠩᠭᠠᠳᠬᠠᠬᠤ ᠶᠢᠨ ᠬᠠᠮᠲᠤ᠂ ᠮᠠᠨ ᠤ | ᠬᠤᠲᠠ ᠶᠢᠨ ᠬᠡᠪᠴᠢᠶᠡᠨ ᠳᠠᠬᠢ ᠳᠡᠭᠡᠳᠦ ᠤᠷᠤᠰᠬᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠢ ᠪᠠᠶᠢᠴᠠᠭᠠᠪᠠ᠃ | ᠳᠥᠷᠪᠡ ᠳᠤ᠂ ᠰᠤᠷᠭᠠᠭᠤᠯᠢ ᠶᠢᠨ ᠬᠦᠷᠢᠶᠡᠨ ᠤ ᠬᠦᠢᠲᠡᠨ ᠬᠡᠯᠬᠢᠶᠡᠨ ᠤ ᠢᠳᠡᠭᠡᠨ ᠤ ᠪᠠᠶᠢᠴᠠᠭᠠᠯᠲᠠ ᠶᠢ ᠪᠦᠬᠦ | ᠲᠠᠯ᠎ᠠ ᠪᠠᠷ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠡᠵᠡᠮᠳᠡᠪᠡ᠃ | 11. ᠬᠥᠲᠥᠯᠥᠭᠴᠢ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠢ ᠬᠢᠨᠠᠨ ᠬᠠᠮᠢᠶᠠᠷᠬᠤ ᠠᠴᠠ ᠭᠠᠳᠠᠨ᠎ᠠ | ᠂ ᠣᠨᠴᠠᠭᠠᠶ ᠴᠠᠭ ᠦᠶ᠎ᠡ ᠳᠤ᠂ ᠮᠠᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠶᠢᠨ ᠬᠢᠨ ᠢᠳᠡᠭᠡᠨ ᠤᠮᠳᠠᠭᠠᠨ ᠤ | ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | | 12. ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ | ᠳᠠᠷᠤᠭ᠎ᠠ ᠶᠦᠨ ᠴᠢᠶᠠᠩ | ᠮᠠᠨ ᠤ ᠲᠣᠪᠴᠢᠶ᠎ᠠ ᠬᠠᠷᠢᠶ᠎ᠠ ᠭᠠᠵᠠᠷ ᠤᠨ ᠲᠣᠪᠴᠢᠶ᠎ᠠ ᠵᠢᠴᠢ ᠪᠥᠬᠦ ᠬᠤᠲᠠ ᠶᠢᠨ ᠢᠳᠡᠭᠡᠨ ᠤᠮᠳᠠᠭᠠᠨ ᠤ | ᠠᠵᠤ ᠠᠬᠤᠶᠢᠯᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠢᠮᠠᠭᠲᠠ ᠴᠢᠩᠭ᠎ᠠ ᠱᠠᠭᠠᠷᠳᠠᠭᠰᠠᠭᠠᠷ ᠢᠷᠡᠵᠡᠶ᠂ ᠨᠢᠭᠡ ᠲᠠᠯ᠎ᠠ ᠪᠠᠷ ᠲᠠᠯᠠᠪᠤᠷ ᠭᠠᠵᠠᠷ ᠤᠨ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠥᠮᠥᠨ ᠬᠠᠷ᠎ᠠ ᠴᠤᠭᠯᠠᠷᠠᠬᠤ ᠶᠢ ᠰᠡᠷᠭᠡᠶᠢᠯᠡᠨ᠂ ᠣᠷᠣᠬᠤ ᠡᠭᠦᠳᠡᠨ | ᠳᠡᠭᠡᠷ᠎ᠡ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ ᠺᠣᠳ᠋︶ ᠢ ᠪᠠᠶᠢᠴᠠᠭᠠᠨ | ᠰᠢᠯᠭᠠᠬᠤ᠂ ᠠᠮᠠᠪᠴᠢ ᠵᠡᠭᠦᠵᠦ ᠪᠠᠶᠢᠭ᠎ᠠ ᠪᠠᠶᠢᠳᠠᠯ ᠢ ᠪᠠᠶᠢᠴᠠᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠶᠢᠨ ᠬᠠᠮᠲᠤ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠪᠠᠶᠢᠩᠭᠤ ᠶᠢᠨ ᠴᠢᠨᠠᠷᠲᠠᠢ ᠰᠠᠶᠢᠲᠤᠷ | ᠬᠢᠪᠡ᠃ 2022 ᠣᠨ ᠤ 2 ᠳ᠋ᠤᠭᠠᠷ ᠰᠠᠷ᠎ᠠ ᠶᠢᠨ 17 ᠤ ᠡᠳᠦᠷ ᠮᠠᠨ ᠤ ᠲᠣᠪᠴᠢᠶ᠎ᠠ ᠡᠯ᠎ᠡ ᠬᠤᠰᠢᠭᠤ ᠰᠢᠶᠠᠨ | ᠲᠣᠭᠤᠷᠢᠭ ᠲᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠪᠠᠶᠢᠴᠠᠭᠠᠯᠲᠠ ᠶᠢ ᠴᠢᠩᠭᠠᠳᠬᠠᠬᠤ | ᠲᠤᠬᠠᠢ ᠮᠡᠳᠡᠭᠳᠡᠯ︾ ᠪᠠᠭᠤᠯᠭᠠᠭᠰᠠᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠳᠡᠭᠡᠨ | ᠤᠮᠳᠠᠭᠠᠨ ᠤ ᠳᠤᠭᠤᠶᠢᠯᠠᠩ ᠪᠠᠶᠢᠭᠤᠯᠵᠤ᠂ ᠪᠥᠬᠦ ᠬᠤᠲᠠ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠢᠨᠠᠨ ᠵᠢᠯᠤᠭᠤᠳᠴᠤ᠂ ᠢᠳᠡᠭᠡᠨ ᠤᠮᠳᠠᠭᠠᠨ ᠤ ᠠᠵᠤ | ᠠᠬᠤᠶᠢᠯᠠᠯ ᠨᠢ ︽ᠬᠥᠬᠡᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ | ᠠᠯᠪᠠᠨ ᠵᠠᠷᠯᠠᠯ ︵2022 ᠣᠨ ᠤ 8 ᠳ᠋ᠤᠭᠠᠷ ᠲᠣᠭᠠᠲᠤ︶︾ ᠤᠨ ᠱᠠᠭᠠᠷᠳᠠᠯᠭ᠎ᠠ ᠶᠣᠰᠣᠭᠠᠷ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠠᠯᠠᠪᠤᠷ | ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢ ᠨᠢ | ᠰᠢᠮᠳᠠᠭᠤᠯᠪᠠ᠃ | ᠢᠳᠡᠭᠡᠨ ᠤᠮᠳᠠᠭᠠᠨ ᠤ ᠲᠠᠯ᠎ᠠ ᠳᠤ᠂ ᠪᠢ ᠥᠭᠡᠷ᠎ᠡ ᠪᠠᠰᠠ ᠬᠡᠳᠦᠨ ᠦᠭᠡ ᠬᠡᠯᠡᠶ᠎ᠡ᠂ 2021 ᠣᠨ ᠠᠴᠠ | ᠨᠠᠰᠢ᠂ ᠮᠠᠨ ᠤ ᠲᠥᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠥᠬᠦ | ᠬᠤᠲᠠ ᠶᠢᠨ ᠬᠡᠪᠴᠢᠶᠡᠨ ᠳᠤ ︽ᠪᠣᠯᠪᠠᠰᠤᠨ ᠬᠤᠭᠤᠯᠠᠨ ᠰᠢᠷᠡᠭᠡ︾ ᠶᠢᠨ ᠠᠵᠢᠯᠯᠠᠭ᠎ᠠ ᠥᠷᠨᠢᠭᠦᠯᠵᠦ᠂ ᠪᠥᠬᠦ | ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ︽ᠨᠡᠶᠢᠲᠡ ᠶᠢᠨ ᠰᠠᠪᠬ᠎ᠠ ᠨᠡᠶᠢᠲᠡ ᠶᠢᠨ | ᠬᠠᠯᠪᠠᠭ᠎ᠠ ᠬᠡᠷᠡᠭᠯᠡᠬᠦ᠂ ᠢᠳᠡᠭᠡᠨ ᠢ ᠦᠯᠦ ᠪᠦᠷᠢᠯᠭᠡᠬᠦ︾ ᠤᠬᠠᠭᠤᠯᠭ᠎ᠠ ᠶᠢ ᠴᠢᠩᠭᠠᠳᠬᠠᠪᠠ᠂ ᠨᠢᠭᠡ ᠳᠤ᠂ ᠢᠳᠡᠭᠡᠨ | ᠤᠮᠳᠠᠭᠠᠨ ᠤ ᠦᠢᠯᠡᠴᠢᠯᠡᠭᠡ ᠬᠠᠩᠭᠠᠭᠴᠢ ᠳᠤ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠵᠠᠷᠯᠠᠯ 2000 | ᠬᠤᠪᠢ ᠲᠠᠷᠬᠠᠭᠠᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠪᠠ ᠨᠡᠶᠢᠲᠡ ᠶᠢᠨ ᠰᠠᠪᠬ᠎ᠠ ᠨᠡᠶᠢᠲᠡ ᠶᠢᠨ | ᠬᠠᠯᠪᠠᠭ᠎ᠠ ᠬᠡᠷᠡᠭᠯᠡᠬᠦ ᠶᠢᠨ ᠰᠠᠶᠢᠨ ᠲᠠᠯ᠎ᠠ ᠶᠢ ᠢᠳᠡᠪᠬᠢᠲᠡᠢ ᠤᠬᠠᠭᠤᠯᠪᠠ︔ ᠬᠤᠶᠠᠷ ᠲᠤ᠂ ᠮᠠᠨ ᠤ ᠲᠣᠪᠴᠢᠶ᠎ᠠ ᠶᠢᠨ | ᠸᠢᠴᠠᠲ ᠤᠨ ᠨᠡᠶᠢᠲᠡ ᠶᠢᠨ ᠳ᠋ᠤᠭᠠᠷ ᠤᠨ ᠲᠠᠪᠴᠠᠩ ᠢ ᠠᠰᠢᠭᠯᠠᠨ᠂ ᠪᠥᠬᠦ ᠬᠤᠲᠠ ᠶᠢᠨ ᠢᠳᠡᠭᠡᠨ ᠤᠮᠳᠠᠭᠠᠨ ᠤ | ᠦᠢᠯᠡᠴᠢᠯᠡᠭᠡ ᠬᠠᠩᠭᠠᠭᠴᠢ᠂ ᠥᠷᠭᠡᠨ ᠣᠯᠠᠨ ᠬᠡᠷᠡᠭᠯᠡᠭᠴᠢᠳ ᠲᠤ ᠰᠠᠨᠠᠭᠠᠴᠢᠯᠠᠭ᠎ᠠ ᠳᠤᠷᠠᠳᠴᠤ᠂ ᠨᠡᠶᠢᠲᠡ ᠶᠢᠨ | ᠰᠠᠪᠬ᠎ᠠ ᠨᠡᠶᠢᠲᠡ ᠶᠢᠨ ᠬᠠᠯᠪᠠᠭ᠎ᠠ ᠶᠢ ᠢᠳᠡᠪᠬᠢᠲᠡᠢ ᠬᠡᠷᠡᠭᠯᠡᠨ᠂ ᠡᠪᠡᠳᠴᠢᠨ ᠤ ᠪᠠᠺᠲ᠋ᠧᠷᠢ ᠬᠠᠯᠳᠠᠪᠤᠷᠢᠯᠠᠬᠤ | ᠲᠣᠬᠢᠶᠠᠯᠳᠤᠮᠵᠢ ᠶᠢ ᠪᠠᠭᠤᠷᠠᠭᠤᠯᠬᠤ ᠶᠢ ᠰᠠᠨᠠᠭᠠᠴᠢᠯᠠᠪᠠ︔ ᠭᠤᠷᠪᠠ ᠳᠤ ︽︿ᠢᠳᠡᠭᠡᠨ ᠢ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠬᠠᠤᠯᠢ﹀ ᠶᠢ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠬᠠᠷᠢᠶ᠎ᠠ ᠭᠠᠵᠠᠷ ᠤᠨ ᠲᠣᠪᠴᠢᠶ᠎ᠠ ᠶᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠰᠢᠮᠳᠠᠭᠤᠯᠤᠨ᠂ | ᠨᠠᠷᠢᠯᠢᠭ ᠲᠣᠬᠢᠷᠠᠭᠤᠯᠤᠨ ᠪᠠᠶᠢᠷᠢᠯᠠᠭᠤᠯᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠠᠵᠢᠯ ᠢ ᠡᠳᠦᠷ | ᠲᠤᠲᠤᠮ ᠤᠨ ᠠᠵᠢᠯ ᠳᠠᠭᠠᠨ ᠣᠷᠣᠭᠤᠯᠤᠨ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠵᠤ᠂ ᠡᠵᠡᠩᠨᠡᠯᠲᠡ ᠶᠢ ᠨᠢ ᠵᠢᠷᠤᠮᠵᠢᠭᠤᠯᠤᠨ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠪᠠ︔ | ᠳᠥᠷᠪᠡ ᠳᠤ᠂ ᠢᠳᠡᠭᠡᠨ ᠤᠮᠳᠠᠭᠠᠨ ᠤ ᠠᠵᠢᠯ ᠲᠦᠷᠦᠯ ᠤᠨ ᠥᠪᠡᠷ ᠢ ᠪᠠᠨ ᠱᠠᠭᠠᠷᠳᠠᠵᠤ᠂ ᠢᠳᠡᠭᠡᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠤᠷᠠᠯ ᠢ ᠬᠤᠷᠠᠯᠳᠤᠭᠤᠯᠵᠤ᠂ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠡ ᠶᠢᠨ ᠰᠡᠷᠡᠮᠵᠢᠯᠡᠭᠦᠯᠬᠦ ᠪᠢᠴᠢᠭ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠨ | ᠢᠳᠡᠭᠡᠨ ᠤᠮᠳᠠᠭᠠᠨ ᠤ ᠨᠢᠭᠡᠴᠡ ᠰᠠᠨᠠᠭ᠎ᠠ ᠠᠮᠤᠷ ᠬᠤᠭᠤᠯᠠᠨ ᠲᠢᠩᠭᠢᠮ ︵ᠬᠤᠭᠤᠯᠠᠨ ᠭᠡᠷ︶ ᠤᠨ ᠠᠮᠠᠯᠠᠯᠲᠠ ᠶᠢᠨ | ᠪᠢᠴᠢᠭ ᠲᠤ ᠭᠠᠷ ᠤᠨ ᠦᠰᠦᠭ ᠵᠢᠷᠤᠪᠠ᠃ ᠲᠠᠪᠤ ᠳᠤ ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠢᠳᠡ ᠨᠠᠮ ᠢᠶᠠᠨ ᠲᠠᠭᠠᠨ᠎ᠠ · ᠬᠠᠮᠳᠤᠪᠡᠷ ᠪᠣᠯᠪᠠᠰᠤᠨ ᠢ ᠡᠷᠬᠢᠮᠯᠡᠶ᠎ᠡ ︾ | ᠭᠡᠬᠦ ᠵᠠᠭᠤᠨ ᠡᠳᠦᠷ ᠤᠨ︱︽ᠪᠣᠯᠪᠠᠰᠤᠨ ᠬᠤᠭᠤᠯᠠᠨ ᠰᠢᠷᠡᠭᠡ· ᠪᠦᠷᠢᠯᠭᠡᠨ ᠰᠦᠢᠳᠬᠡᠬᠦ ᠶᠢ ᠲᠡᠪᠴᠢᠬᠦ ᠳᠤ ᠪᠢᠳᠡ | ᠬᠠᠮᠳᠤᠪᠡᠷ ᠣᠷᠤᠯᠴᠠᠶ᠎ᠠ﹀ᠠᠵᠢᠯᠯᠠᠭ᠎ᠠ ᠶᠢᠨ ᠲᠥᠰᠥᠯ︾ ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ | ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠠᠵᠢᠯ ᠤᠨ ᠲᠥᠰᠥᠯ︾ ᠪᠣᠯᠪᠠᠰᠤᠨ ᠬᠤᠭᠤᠯᠠᠨ | ᠰᠢᠷᠡᠭᠡ·ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠤᠯᠪᠤᠭᠳᠠᠯ ᠪᠦᠬᠦᠢ ᠤᠬᠠᠭᠤᠯᠭ᠎ᠠ ᠶᠢᠨ ᠠᠵᠢᠯ ᠤᠨ ᠲᠥᠰᠥᠯ ᠢ | ᠲᠣᠭᠲᠠᠭᠠᠪᠠ᠃ ᠳᠡᠭᠡᠷᠡᠬᠢ ᠵᠦᠢᠯ ᠤᠳ ᠨᠢ ᠬᠤᠲᠠ ᠶᠢᠨ ᠠᠷᠠᠳ ᠤᠨ ᠨᠡᠶᠢᠲᠡ ᠶᠢᠨ ᠰᠠᠪᠬ᠎ᠠ ᠨᠡᠶᠢᠲᠡ ᠶᠢᠨ | ᠬᠠᠯᠪᠠᠭ᠎ᠠ ᠬᠡᠷᠡᠭᠯᠡᠬᠦ᠂ ᠢᠳᠡᠭᠡᠨ ᠤᠮᠳᠠᠭᠠᠨ ᠤ ᠪᠦᠷᠢᠯᠭᠡᠬᠦ ᠶᠢ ᠡᠰᠡᠷᠭᠦᠴᠡᠬᠦ ᠤᠬᠠᠮᠰᠠᠷ ᠢ ᠨᠡᠮᠡᠭᠳᠡᠭᠦᠯᠬᠦ ᠶᠢᠨ | ᠲᠥᠯᠥᠭᠡ ᠶᠤᠮ᠂ ᠡᠶᠢᠮᠦ ᠠᠴᠠ ᠥᠨᠥᠳᠥᠷ ᠡᠨᠡᠬᠦ ᠲᠠᠪᠴᠠᠩ ᠳᠡᠭᠡᠷ᠎ᠡ ᠮᠦᠨ ᠥᠷᠭᠡᠨ ᠣᠯᠠᠨ ᠬᠤᠲᠠ ᠶᠢᠨ ᠠᠷᠠᠳ᠂ | ᠰᠣᠨᠣᠰᠤᠭᠴᠢ ᠨᠠᠶᠢᠵᠠ ᠨᠠᠷ ᠲᠤ ᠥᠪᠡᠷ ᠤᠨ ᠢᠶᠠᠨ ᠲᠥᠯᠥᠭᠡ᠂ ᠪᠤᠰᠤᠳ ᠤᠨ ᠲᠥᠯᠥᠭᠡ᠂ ᠬᠤᠭᠤᠯᠠᠨ ᠰᠢᠷᠡᠭᠡᠨ ᠤ | ᠶᠣᠰᠣᠯᠠᠯ ᠤᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ᠂ ᠬᠤᠰᠢᠭᠤᠴᠢ ᠪᠣᠯᠵᠤ᠂ ᠨᠡᠶᠢᠲᠡ ᠶᠢᠨ ᠰᠠᠪᠬ᠎ᠠ ᠨᠡᠶᠢᠲᠡ | ᠶᠢᠨ ᠬᠠᠯᠪᠠᠭ᠎ᠠ ᠬᠡᠷᠡᠭᠯᠡᠵᠦ᠂ ᠢᠳᠡᠭᠡᠨ ᠤᠮᠳᠠᠭᠠᠨ ᠢ ᠪᠦᠷᠢᠯᠭᠡᠬᠦ ᠶᠢ ᠡᠰᠡᠷᠭᠦᠴᠡᠰᠦᠭᠡᠢ ᠭᠡᠵᠦ ᠤᠷᠢᠶᠠᠯᠠᠵᠤ ᠪᠠᠶᠢᠨ᠎ᠠ᠃ | 13. ᠬᠥᠲᠥᠯᠥᠭᠴᠢ | ᠶᠦᠨ ᠰᠠᠯᠠᠭᠠᠨ ᠳᠠᠷᠤᠭ᠎ᠠ ᠶᠢᠨ ᠲᠦᠭᠡᠮᠡᠯᠵᠢᠭᠦᠯᠦᠯᠲᠡ ᠳᠤ ᠲᠠᠯᠠᠷᠬᠠᠵᠤ ᠪᠠᠶᠢᠨ᠎ᠠ᠃ ᠪᠢᠳᠡᠨ ᠤ ᠮᠡᠳᠡᠭᠡᠵᠢ ᠪᠠᠷ | ᠂ ᠢᠳᠡᠭᠡᠨ ᠤ ᠠᠮᠤᠷ ᠲᠦᠪᠰᠢᠨ ᠢ ᠴᠢᠩᠭ᠎ᠠ ᠠᠳᠬᠤᠬᠤ ᠲᠠᠯ᠎ᠠ ᠪᠠᠷ᠂ ᠮᠠᠨ ᠤ ᠲᠥᠪ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠳᠡᠭᠡᠷᠡᠬᠢ ᠠᠵᠢᠯ ᠤᠳ ᠢ ᠬᠢᠭᠰᠡᠨ ᠠᠴᠠ ᠭᠠᠳᠠᠨ᠎ᠠ᠂ | ᠪᠠᠰᠠ ᠪᠤᠰᠤᠳ ᠲᠠᠯ᠎ᠠ ᠶᠢᠨ ᠮᠠᠰᠢ ᠣᠯᠠᠨ ᠴᠢᠷᠮᠠᠶᠢᠯᠭ᠎ᠠ ᠭᠠᠷᠭᠠᠵᠠᠢ᠂ ᠢᠯᠠᠩᠭᠤᠶ᠎ᠠ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢᠨ ᠲᠠᠯ᠎ᠠ ᠪᠠᠷ᠂ ᠣᠶᠢᠷ᠎ᠠ ᠶᠢᠨ ᠵᠢᠯ ᠤᠳ ᠲᠤ᠂ ᠲᠥᠪ ᠬᠤᠲᠠ | ᠨᠢ ᠡᠮᠦᠨ᠎ᠡ ᠡᠩᠨᠡᠭᠡᠨ ᠳᠤ ᠶᠠᠪᠤᠭᠰᠠᠭᠠᠷ ᠢᠷᠡᠭᠰᠡᠨ ᠶᠤᠮ᠂ ᠣᠳᠣᠬᠠᠨ ᠳᠤ ᠮᠠᠨ ᠤ ᠲᠥᠪ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠨᠡ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ | ᠠᠪᠴᠤ ᠪᠠᠶᠢᠭᠠᠳ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠬᠡᠷᠡᠭᠯᠡᠭᠡᠨ ᠤ ᠡᠷᠬᠡ ᠲᠡᠭᠰᠢ ᠶᠢ | ᠠᠬᠢᠭᠤᠯᠤᠭᠰᠠᠨ ᠪᠣᠶ︖ ᠡᠭᠦᠨ ᠤ ᠬᠠᠮᠲᠤ ᠡᠨᠡ ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠣᠭᠰᠠᠨ ᠪᠤᠢ︖ | 14. ᠪᠠᠴᠢᠮ ᠪᠠᠶᠢᠳᠠᠯ ᠢ ᠠᠷᠭᠠᠴᠠᠵᠤ ᠵᠣᠬᠢᠴᠠᠭᠤᠯᠬᠤ ᠰᠠᠯᠠᠭᠠᠨ ᠤ ᠳᠡᠳ᠋ ᠳᠠᠷᠤᠭ᠎ᠠ ᠸᠠᠩ ᠵᠢᠩ ᠮᠢᠨ | ᠪᠦᠬᠦ ᠲᠠᠯ᠎ᠠ ᠶᠢᠨ ᠪᠠᠶᠢᠳᠠᠯ ᠠᠴᠠ ᠦᠵᠡᠪᠡᠯ᠂ ᠪᠥᠬᠦ ᠬᠤᠲᠠ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠨᠢ ᠬᠥᠬᠡᠬᠤᠲᠠ ᠶᠢᠨ ︽ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ | ᠬᠠᠮᠢᠶᠠᠷᠤᠯᠲᠠ ᠶᠢᠨ ᠵᠦᠭᠯᠡᠭᠦᠷ︾ ︽ᠣᠶᠤᠨᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠵᠢᠷᠤᠮᠵᠢᠯ︾ ᠤᠨ ᠱᠠᠭᠠᠷᠳᠠᠯᠭ᠎ᠠ ᠶᠣᠰᠣᠭᠠᠷ᠂ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠪᠡᠯᠡᠳᠬᠡᠮᠵᠢ ᠲᠥᠬᠦᠭᠡᠷᠦᠮᠵᠢ ᠶᠢ ᠨᠡᠮᠡᠭᠳᠡᠭᠦᠯᠦᠨ᠂ ᠵᠠᠰᠠᠭ ᠤᠨ ᠣᠷᠳᠣᠨ ᠠᠴᠠ | ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠮᠳᠠᠭᠤᠯᠬᠤ | ᠪᠠ ᠵᠢᠯᠤᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ | ᠣᠷᠴᠢᠨ ᠲᠣᠭᠤᠷᠢᠨ᠂ ᠬᠠᠮᠢᠶᠠᠷᠤᠯᠲᠠ ᠶᠢᠨ ᠬᠢᠷᠢ ᠲᠦᠪᠰᠢᠨ᠂ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ | ᠳᠡᠭᠡᠭᠰᠢᠯᠡᠭᠦᠯᠵᠦ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠹᠦ᠋ ᠬᠠᠢ ᠰᠢᠩ᠂ ᠸᠠᠨ ᠬᠤᠶ᠂ ᠮᠧᠶ | ᠲᠦᠩ᠂ ᠪᠦᠦ ᠴᠢᠤᠸᠠᠨ ᠵᠤᠸᠠᠩ ᠵᠡᠷᠭᠡ 4 ᠵᠢᠱᠢᠶ᠎ᠡ ᠦᠵᠡᠭᠦᠯᠬᠦ ᠴᠢᠨᠠᠷᠲᠠᠢ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠨᠢ ᠮᠡᠳᠡᠭᠡ ᠵᠠᠩᠬᠢᠵᠢᠭᠰᠠᠨ ᠬᠠᠮᠢᠶᠠᠷᠤᠯᠲᠠ᠂ ᠬᠠᠲᠠᠭᠤ ᠲᠣᠨᠤᠭᠯᠠᠯ ᠤᠨ ᠥᠭᠡᠷᠡᠴᠢᠯᠡᠯᠲᠡ᠂ ᠢᠳᠡᠭᠡᠨ ᠢ | ᠲᠦᠷᠭᠡᠨ ᠪᠠᠶᠢᠴᠠᠭᠠᠬᠤ ᠲᠠᠰᠤᠭ᠂ ᠠᠷᠢᠭᠤᠨ ᠴᠡᠪᠡᠷ ᠤᠨ ᠴᠡᠭᠴᠡᠯᠡᠨ ᠵᠠᠰᠠᠯᠲᠠ᠂ ᠳᠦᠷᠢᠮ ᠤᠨ ᠪᠠᠶᠢᠭᠤᠯᠤᠯᠲᠠ | ᠵᠡᠷᠭᠡ ᠲᠠᠯ᠎ᠠ ᠪᠠᠷ ᠤᠶᠤᠨᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠪᠡᠶᠡᠯᠡᠭᠦᠯᠪᠡ᠃ ᠣᠶᠤᠨᠲᠤ ᠡᠯᠧᠺᠲᠷᠣᠨ ᠵᠢᠩᠯᠡᠭᠦᠷ᠂ ᠬᠤᠳᠠᠯᠳᠤᠭᠠᠨ ᠤ ᠡᠷᠦᠬᠡ ᠶᠢᠨ ᠳᠡᠯᠭᠡᠴᠡ᠂ | ᠬᠡᠷᠡᠮ ᠳᠡᠭᠡᠷ᠎ᠡ ᠡᠯᠬᠦᠬᠦ ᠲᠣᠮᠣ ᠬᠡᠯᠪᠡᠷᠢ ᠶᠢᠨ ᠳᠡᠯᠭᠡᠴᠡ ᠶᠢ ᠨᠡᠮᠡᠵᠦ ᠲᠣᠬᠢᠷᠠᠭᠤᠯᠤᠨ᠂ ᠬᠤᠳᠠᠯᠳᠤᠭᠠᠨ ᠤ ᠡᠷᠦᠬᠡ | ᠵᠢᠴᠢ ᠢᠳᠡᠭᠡᠨ ᠤ ᠮᠡᠳᠡᠭᠡ ᠵᠠᠩᠭᠢ ᠶᠢ ᠢᠯᠡ ᠨᠡᠶᠢᠲᠡᠯᠡᠪᠡ᠂ ᠺᠣᠳ᠋ ᠰᠢᠷᠪᠢᠬᠦ ᠪᠠᠷ ᠳᠠᠮᠵᠢᠭᠤᠯᠤᠨ ᠢᠳᠡᠭᠡᠨ ᠤ | ᠢᠷᠡᠯᠲᠡ ᠶᠢᠨ ᠮᠡᠳᠡᠭᠡ ᠵᠠᠩᠭᠢ ᠶᠢ ᠦᠵᠡᠵᠦ ᠪᠣᠯᠬᠤ ᠪᠣᠯᠭᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ | ᠪᠦᠲᠦᠮᠵᠢᠲᠡᠶ ᠪᠡᠶᠡᠯᠡᠭᠦᠯᠪᠡ᠃ ᠣᠳᠣᠬᠠᠨ ᠳᠤ ᠵᠢᠯ ᠭᠠᠷᠤᠢ ᠶᠢᠨ ᠴᠢᠷᠮᠠᠶᠢᠯᠭ᠎ᠠ ᠪᠠᠷ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠵᠡᠷᠭᠡ 8 ᠰᠠᠯᠠᠭ᠎ᠠ ᠮᠥᠴᠢᠷ ᠤᠨ ᠬᠠᠮᠲᠤ ᠶᠢᠨ ᠰᠢᠯᠭᠠᠨ ᠬᠤᠷᠢᠶᠠᠬᠤ ᠪᠠᠷ ᠳᠠᠮᠵᠢᠭᠤᠯᠤᠨ᠂ 2021 | ᠣᠨ ᠤ ᠡᠴᠦᠰ ᠪᠣᠯᠬᠤ ᠳᠤ ᠪᠥᠬᠦ ᠬᠤᠲᠠ ᠶᠢᠨ 48 ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠶᠢᠨ 14 | ᠨᠢ ᠨᠢᠭᠡᠨᠲᠡ ᠪᠠᠷᠢᠮᠵᠢᠶ᠎ᠠ ᠳᠤ ᠨᠡᠶᠢᠴᠡᠵᠦ᠂ ᠡᠨᠡ ᠵᠢᠯ ᠡᠯ᠎ᠡ ᠲᠣᠭᠤᠷᠢᠭ ᠤᠨ ᠲᠠᠨᠢᠯᠴᠠᠭᠤᠯᠭ᠎ᠠ ᠪᠠᠷ ᠪᠤᠰᠤᠳ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠵᠠᠯᠭᠠᠪᠡᠷ | ᠪᠡᠶᠡᠯᠡᠭᠦᠯᠵᠦ᠂ ᠵᠢᠷᠤᠮᠵᠢᠭᠰᠠᠨ ᠤᠶᠤᠨᠲᠤ ᠵᠠᠬ᠎ᠠ ᠳᠡᠯᠭᠡᠭᠦᠷ ᠳᠠᠰᠢ ᠤᠷᠤᠭᠰᠢᠯᠠᠬᠤ ᠪᠣᠯᠣᠨ᠎ᠠ᠃ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠪᠠᠷ | ᠳᠠᠮᠵᠢᠭᠤᠯᠤᠨ᠂ ᠵᠠᠬ᠎ᠠ ᠳᠡᠯᠭᠡᠭᠦᠷ ᠤᠨ ᠳᠣᠲᠣᠭᠠᠳᠤ ᠶᠢᠨ ᠪᠡᠯᠡᠳᠬᠡᠮᠵᠢ ᠲᠥᠬᠦᠭᠡᠷᠦᠮᠵᠢ ᠶᠢ ᠶᠡᠬᠡᠪᠡᠷ ᠥᠭᠡᠷᠡᠴᠢᠯᠡᠨ | ᠳᠡᠭᠡᠭᠰᠢᠯᠡᠭᠦᠯᠵᠦ᠂ ᠲᠠᠸᠠᠷ ᠤᠨ ᠳᠡᠯᠭᠡᠯᠲᠡ ᠲᠡᠷᠢ ᠲᠡᠭᠰᠢ ᠪᠠᠶᠢᠵᠤ᠂ ᠦᠨ᠎ᠡ ᠬᠠᠩᠰᠢ ᠶᠢ ᠢᠯᠡ ᠲᠡᠮᠳᠡᠭᠯᠡᠵᠦ᠂ | ᠬᠤᠳᠠᠯᠳᠤᠭᠠᠨ ᠤ ᠡᠷᠦᠬᠡ ᠪᠣᠯᠪᠠᠰᠤᠨ ᠬᠡᠯᠡᠯᠭᠡ ᠬᠡᠷᠡᠭᠯᠡᠵᠦ᠂ ᠡᠮᠦᠰᠬᠡᠯ ᠵᠠᠰᠠᠯ ᠵᠢᠷᠤᠮᠵᠢᠯ ᠲᠠᠢ ᠪᠠᠶᠢᠵᠤ᠂ ᠵᠠᠬ᠎ᠠ | ᠳᠡᠯᠭᠡᠭᠦᠷ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ︽ᠪᠤᠵᠠᠷ᠂ ᠡᠷᠦᠢ ᠬᠤᠷᠤᠢ ᠦᠭᠡᠢ᠂ ᠮᠠᠭᠤ︾ | ᠠᠰᠠᠭᠤᠳᠠᠯ ᠢ ᠪᠦᠲᠦᠮᠵᠢᠲᠡᠢ ᠴᠡᠭᠴᠡᠯᠡᠨ ᠵᠠᠰᠠᠵᠤ᠂ ᠠᠷᠠᠳ ᠤᠯᠠᠨ ᠤ ᠴᠢᠨᠠᠷ ᠰᠠᠶᠢᠲᠠᠢ ᠬᠡᠷᠡᠭᠯᠡᠭᠡᠨ ᠤ ᠬᠡᠷᠡᠭᠴᠡᠭᠡ ᠶᠢ | ᠡᠳᠦᠷ ᠢᠷᠡᠬᠦᠶ᠎ᠡ ᠬᠠᠩᠭᠠᠵᠤ ᠪᠠᠶᠢᠨ᠎ᠠ᠃ | 15. ᠬᠥᠲᠥᠯᠥᠭᠴᠢ | ᠰᠠᠶ᠋ᠢᠬᠠᠨ ᠹᠧᠩ ᠰᠦ᠋ ᠵᠧᠨ ᠡᠷᠬᠢᠯᠡᠭᠴᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠲᠤᠬᠠᠢ ᠶᠠᠷᠢᠯ᠎ᠠ᠂ | ᠪᠢ ᠣᠨᠴᠠᠭᠠᠶᠢᠯᠠᠨ ᠠᠩᠬᠠᠷᠤᠭᠰᠠᠨ ᠨᠢ ᠦᠨ᠎ᠡ ᠶᠢ ᠢᠯᠡ ᠬᠠᠳᠠᠬᠤ ᠨᠢ ᠴᠦ ᠮᠠᠨ ᠤ ᠠᠷᠠᠳ ᠢᠷᠭᠡᠳ ᠤᠨ ᠡᠳᠦᠷ | ᠲᠤᠲᠤᠮ ᠤᠨ ᠠᠮᠢᠳᠤᠷᠠᠯ ᠳᠤᠮᠳᠠ ᠪᠠᠨ ᠨᠡᠯᠢᠶᠡᠳ ᠠᠩᠬᠠᠷᠴᠤ ᠪᠠᠶᠢᠭ᠎ᠠ ᠵᠦᠢᠯ ᠶᠤᠮ ᠪᠠᠶᠢᠨ᠎ᠠ᠂ ᠲᠡᠭᠡᠪᠡᠯ | ᠵᠠᠯᠭᠠᠭᠠᠳ ᠦᠨ᠎ᠡ ᠬᠠᠩᠰᠢ ᠶᠢ ᠢᠯᠡ ᠬᠠᠳᠠᠬᠤ ᠲᠤᠬᠠᠢ ᠠᠭᠤᠯᠭ᠎ᠠ ᠶᠢ ᠪᠣᠳᠠᠲᠠᠢ ᠲᠠᠶᠢᠯᠪᠤᠷᠢᠯᠠᠭᠠᠳ ᠥᠭᠭᠦᠨ᠎ᠡ ᠤᠤ | ︖ | 16. ᠦᠨ᠎ᠡ ᠬᠠᠩᠰᠢ ᠶᠢᠨ ᠬᠢᠨᠠᠨ ᠪᠠᠶᠢᠴᠠᠭᠠᠯᠲᠠ ᠶᠢᠨ ᠰᠠᠯᠠᠭ᠎ᠠ ᠶᠢᠨ ᠯᠢ ᠵᠧ | ᠦᠨ᠎ᠡ ᠬᠠᠩᠰᠢ ᠶᠢ ᠢᠯᠡ ᠬᠠᠳᠠᠬᠤ ᠶᠢᠨ ᠪᠣᠳᠠᠲᠠᠢ ᠠᠭᠤᠯᠭ᠎ᠠ ᠭᠡᠪᠡᠯ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ 2000 ᠣᠨ ᠤ 10 ᠳ᠋ᠤᠭᠠᠷ ᠰᠠᠷ᠎ᠠ ᠶᠢᠨ 31 ᠤ ᠡᠳᠦᠷ ᠨᠡᠶᠢᠲᠡᠯᠡᠨ | ᠬᠡᠷᠡᠭᠵᠢᠭᠦᠯᠦᠭᠰᠡᠨ ︽ᠲᠠᠸᠠᠷ ᠪᠠ ᠦᠢᠯᠡᠴᠢᠯᠡᠭᠡ ᠳᠤ ᠦᠨ᠎ᠡ ᠬᠠᠩᠰᠢ ᠶᠢ ᠢᠯᠡ ᠬᠠᠳᠠᠬᠤ ᠶᠢ ᠬᠡᠷᠡᠭᠵᠢᠭᠦᠯᠬᠦ ᠲᠤᠬᠠᠢ | ᠲᠣᠭᠲᠠᠭᠠᠯ︾ ᠢ ᠦᠨᠳᠦᠰᠦᠯᠡᠨ ᠲᠣᠭᠲᠠᠭᠠᠭᠰᠠᠨ ᠶᠤᠮ᠃ ᠡᠭᠦᠨ ᠳᠤ ᠡᠯ᠎ᠡ ᠵᠦᠢᠯ ᠤᠨ ᠲᠠᠸᠠᠷ ᠦᠢᠯᠡᠴᠢᠯᠡᠭᠡᠨ ᠳᠤ | ᠦᠨ᠎ᠡ ᠬᠠᠳᠠᠬᠤ ᠳᠦᠷᠢᠮᠵᠢᠯ ᠢ ᠲᠣᠭᠲᠠᠭᠠᠵᠠᠢ᠂ ᠣᠳᠣ ᠪᠢ ᠡᠳᠦᠷ ᠲᠤᠲᠤᠮ ᠤᠨ ᠠᠮᠢᠳᠤᠷᠠᠯ ᠤᠨ ᠳᠤᠮᠳᠠ | ᠬᠡᠷᠡᠭᠯᠡᠭᠴᠢᠳ ᠲᠤ ᠲᠣᠬᠢᠶᠠᠯᠳᠤᠬᠤ ᠪᠠᠶᠢᠳᠠᠯ ᠢ ᠲᠠᠨᠢᠯᠴᠠᠭᠤᠯᠤᠶ᠎ᠠ᠂ ᠲᠤᠭᠲᠠᠭᠠᠯ ᠳᠤ ᠦᠨ᠎ᠡ ᠬᠠᠩᠰᠢ ᠶᠢ ᠢᠯᠡ | ᠬᠠᠳᠠᠬᠤ ᠳᠤ ᠦᠨ᠎ᠡ ᠶᠢᠨ ᠲᠡᠮᠳᠡᠭ ᠪᠠ ᠦᠨ᠎ᠡ ᠶᠢᠨ ᠭᠠᠷᠴᠠᠭ ᠨᠢ ᠪᠦᠷᠢᠨ ᠭᠦᠢᠴᠡᠳ᠂ ᠦᠨ᠎ᠡ ᠬᠠᠳᠠᠭᠰᠠᠨ | ᠠᠭᠤᠯᠭ᠎ᠠ ᠨᠢ ᠦᠨᠡᠨ ᠲᠣᠳᠣᠷᠬᠠᠢ᠂ ᠦᠰᠦᠭ ᠤᠨ ᠲᠢᠭ ᠲᠣᠳᠣᠷᠬᠠᠢ᠂ ᠪᠠᠷᠠᠭᠠᠨ ᠤ ᠲᠡᠮᠳᠡᠭ ᠨᠢ ᠪᠠᠷᠠᠭ᠎ᠠ ᠶᠢᠨ | ᠣᠷᠣᠨ ᠪᠠᠶᠢᠷᠢ ᠲᠠᠢ ᠲᠣᠬᠢᠷᠠᠯᠴᠠᠵᠤ᠂ ᠢᠯᠡᠳᠬᠡᠭᠰᠡᠨ ᠨᠢ ᠢᠯᠡᠬᠡᠨ ᠪᠠᠶᠢᠬᠤ ᠬᠡᠷᠡᠭᠲᠡᠢ ᠭᠡᠵᠦ ᠱᠠᠭᠠᠷᠳᠠᠵᠠᠢ᠃ ᠦᠨ᠎ᠡ | ᠬᠠᠩᠰᠢ ᠬᠤᠪᠢᠷᠠᠬᠤ ᠦᠶ᠎ᠡ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃ ᠵᠢᠵᠢᠭᠯᠡᠨ ᠪᠣᠷᠤᠯᠠᠭᠤᠯᠬᠤ | ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠡᠵᠡᠩᠨᠡᠭᠴᠢ᠂ ᠲᠠᠸᠠᠷ ᠤᠨ ᠦᠨ᠎ᠡ ᠶᠢᠨ ᠱᠣᠰᠢᠭ᠎ᠠ ᠳᠤ ᠲᠠᠸᠠᠷ ᠤᠨ | ᠨᠡᠷ᠎ᠡ᠂ ᠦᠢᠯᠡᠳᠪᠦᠷᠢᠯᠡᠭᠰᠡᠨ ᠭᠠᠵᠠᠷ᠂ ᠦᠨ᠎ᠡ ᠪᠤᠳᠤᠬᠤ ᠨᠢᠭᠡᠴᠢ᠂ ᠵᠢᠵᠢᠭᠯᠡᠨ ᠬᠤᠳᠠᠯᠳᠤᠬᠤ ᠦᠨ᠎ᠡ ᠵᠡᠷᠭᠡ ᠭᠤᠣᠯ | ᠠᠭᠤᠯᠭ᠎ᠠ ᠶᠢ ᠲᠣᠳᠣᠷᠬᠠᠢ ᠪᠢᠴᠢᠬᠦ ᠬᠡᠷᠡᠭᠲᠡᠢ᠂ ᠬᠡᠪ ᠪᠠᠷᠢᠮᠵᠢᠶ᠎ᠠ᠂ ᠵᠡᠷᠭᠡ ᠳᠡᠰ᠂ ᠶᠠᠰᠤ ᠴᠢᠨᠠᠷ ᠵᠡᠷᠭᠡ ᠳᠤ | ᠱᠠᠭᠠᠷᠳᠠᠯᠭ᠎ᠠ ᠲᠠᠢ ᠪᠠᠶᠢᠪᠠᠯ᠂ ᠪᠠᠰᠠ ᠬᠡᠪ ᠪᠠᠷᠢᠮᠵᠢᠶ᠎ᠠ᠂ ᠵᠡᠷᠭᠡ ᠳᠡᠰ᠂ ᠶᠠᠰᠤ ᠴᠢᠨᠠᠷ ᠵᠡᠷᠭᠡ ᠵᠦᠢᠯᠡᠰ ᠢ ᠲᠣᠳᠣᠷᠬᠠᠢ | ᠪᠢᠴᠢᠬᠦ ᠬᠡᠷᠡᠭᠲᠡᠢ᠃ ᠵᠠᠳᠠᠭᠠᠢ ᠯᠠᠩᠭᠦᠢ᠂ ᠠᠦ᠋ᠲ᠋ᠣ᠋ ᠪᠠᠷᠠᠭ᠎ᠠ ᠬᠤᠳᠠᠯᠳᠤᠬᠤ ᠮᠠᠰᠢᠨ᠂ ᠥᠪᠡᠰᠦᠪᠡᠨ ᠰᠣᠩᠭᠤᠬᠤ ᠵᠠᠬ᠎ᠠ | ᠳᠡᠯᠭᠡᠭᠦᠷ ᠵᠡᠷᠭᠡ ᠥᠪᠡᠰᠦᠪᠡᠨ ᠰᠣᠩᠭᠤᠬᠤ ᠠᠷᠭ᠎ᠠ ᠮᠠᠶ᠋ᠢᠭ ᠢᠶᠠᠷ ᠪᠠᠷᠠᠭ᠎ᠠ ᠬᠤᠳᠠᠯᠳᠤᠬᠤ ᠳᠤ᠂ ᠡᠵᠡᠩᠨᠡᠭᠴᠢ | ᠳ᠋ᠤᠭᠠᠷᠯᠠᠬᠤ ᠮᠠᠰᠢᠨ ᠢᠶᠠᠷ ᠲᠠᠸᠠᠷ ᠪᠤᠶᠤ ᠪᠣᠭᠤᠳᠠᠯ ᠳᠡᠭᠡᠷ᠎ᠡ ᠨᠢ ᠦᠨ᠎ᠡ ᠬᠠᠩᠰᠢ ᠶᠢᠨ ᠱᠣᠰᠢᠭ᠎ᠠ ᠨᠠᠭᠠᠬᠤ ᠶᠢᠨ | ᠬᠠᠮᠲᠤ ᠲᠥᠷᠥᠯ ᠵᠦᠢᠯ ᠬᠤᠪᠢᠶᠠᠨ ᠲᠠᠸᠠᠷ ᠤᠨ ᠬᠤᠷᠭᠤ ︵ᠲᠠᠯᠪᠢᠭᠤᠷ︶ ᠳᠡᠭᠡᠷ᠎ᠡ ᠳᠡᠭᠡᠷ᠎ᠡ ᠳᠤᠷᠠᠳᠤᠭᠰᠠᠨ | ᠲᠣᠭᠲᠠᠭᠠᠯ ᠢᠶᠠᠷ ᠦᠨ᠎ᠡ ᠬᠠᠩᠰᠢ ᠶᠢ ᠨᠢ ᠢᠯᠡ ᠬᠠᠳᠠᠬᠤ ᠬᠡᠷᠡᠭᠲᠡᠢ᠃ ᠦᠢᠯᠡᠴᠢᠯᠡᠭᠡ ᠬᠠᠩᠭᠠᠬᠤ ᠡᠵᠡᠩᠨᠡᠭᠴᠢ | ᠡᠵᠡᠩᠨᠡᠯᠲᠡ ᠶᠢᠨ ᠲᠠᠯᠠᠪᠤᠷ ᠭᠠᠵᠠᠷ ᠪᠤᠶᠤ ᠳᠠᠩᠰᠠ ᠪᠤᠳᠤᠬᠤ ᠭᠠᠵᠠᠷ ᠤᠨ ᠢᠯᠡ ᠭᠠᠵᠠᠷ ᠲᠤ ᠦᠢᠯᠡᠴᠢᠯᠡᠭᠡᠨ ᠤ | ᠵᠦᠢᠯᠡᠰ᠂ ᠦᠢᠯᠡᠴᠢᠯᠡᠭᠡᠨ ᠤ ᠠᠭᠤᠯᠭ᠎ᠠ᠂ ᠵᠡᠷᠭᠡ ᠳᠡᠰ ᠪᠤᠶᠤ ᠬᠡᠪ ᠪᠠᠷᠢᠮᠵᠢᠶ᠎ᠠ᠂ ᠦᠢᠯᠡᠴᠢᠯᠡᠭᠡᠨ ᠤ ᠦᠨ᠎ᠡ | ᠵᠡᠷᠭᠡ ᠶᠢ ᠨᠡᠶᠢᠲᠡᠯᠡᠬᠦ ᠬᠡᠷᠡᠭᠲᠡᠢ᠃ ᠡᠵᠡᠩᠨᠡᠭᠴᠢ ᠦᠨ᠎ᠡ ᠨᠤᠭᠤᠯᠬᠤ᠂ ᠦᠨ᠎ᠡ ᠪᠠᠭᠤᠷᠠᠭᠤᠯᠬᠤ ᠳᠠᠭᠠᠨ ᠲᠡᠮᠳᠡᠭ | ᠬᠠᠳᠠᠬᠤ ᠪᠣᠶᠣ ᠬᠡᠷᠡᠭᠯᠡᠭᠴᠢᠳ ᠤᠨ ᠲᠠᠨᠢᠨ ᠮᠡᠳᠡᠬᠦ ᠳᠤ ᠳᠥᠭᠦᠮ ᠪᠤᠰᠤᠳ ᠠᠷᠭ᠎ᠠ ᠬᠡᠯᠪᠡᠷᠢ ᠪᠠᠷ ᠦᠨ᠎ᠡ ᠨᠤᠭᠤᠯᠬᠤ᠂ | ᠦᠨ᠎ᠡ ᠪᠠᠭᠤᠷᠠᠭᠤᠯᠬᠤ ᠶᠢᠨ ᠰᠠᠭᠤᠷᠢ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠢ᠃ ᠡᠵᠡᠩᠨᠡᠭᠴᠢ ᠦᠨ᠎ᠡ | ᠬᠠᠩᠰᠢ ᠪᠠᠷ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠳᠤ ᠨᠡᠮᠡᠯᠲᠡ ᠨᠥᠬᠦᠴᠡᠯ ᠲᠠᠢ ᠪᠠᠶᠢᠪᠠᠯ᠂ | ᠨᠥᠬᠦᠴᠡᠯ ᠢ ᠨᠢ ᠢᠯᠡᠳᠲᠡ ᠲᠣᠳᠣᠷᠬᠠᠶᠢᠯᠠᠬᠤ ᠬᠡᠷᠡᠭᠲᠡᠢ᠃ ᠡᠵᠡᠩᠨᠡᠭᠴᠢ ᠬᠤᠭᠤᠴᠠᠭ᠎ᠠ ᠬᠢᠵᠠᠭᠠᠷᠯᠠᠨ ᠦᠨ᠎ᠡ | ᠪᠠᠭᠤᠷᠠᠭᠤᠯᠬᠤ᠂ ᠦᠨ᠎ᠡ ᠨᠤᠭᠤᠯᠤᠨ ᠪᠤᠳᠤᠬᠤ ᠵᠡᠷᠭᠡ ᠦᠨ᠎ᠡ ᠬᠠᠩᠰᠢ ᠪᠠᠷ ᠪᠣᠷᠤᠯᠠᠭᠤᠯᠭ᠎ᠠ ᠶᠢ ᠠᠬᠢᠭᠤᠯᠬᠤ | ᠠᠵᠢᠯᠯᠠᠭ᠎ᠠ ᠥᠷᠨᠢᠭᠦᠯᠬᠦ ᠳᠡᠭᠡᠨ ᠬᠤᠭᠤᠴᠠᠭ᠎ᠠ ᠶᠢ ᠨᠢ ᠢᠯᠡᠬᠡᠨ ᠲᠣᠳᠣᠷᠬᠠᠶᠢᠯᠠᠬᠤ ᠬᠡᠷᠡᠭᠲᠡᠢ᠃ ᠬᠡᠷᠪᠡ ᠡᠵᠡᠩᠨᠡᠭᠴᠢ | ᠤᠤᠯ ᠦᠨ᠎ᠡ ᠶᠢ ᠬᠠᠭᠤᠷᠮᠠᠭ ᠢᠶᠠᠷ ᠲᠡᠮᠳᠡᠭᠯᠡᠪᠡᠯ ᠦᠨ᠎ᠡ ᠬᠠᠩᠰᠢ ᠶᠢᠨ ᠮᠡᠬᠡᠯᠡᠯ ᠤᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠪᠣᠯᠣᠨ᠎ᠠ᠃ ᠪᠢ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠳᠤ ᠦᠨ᠎ᠡ ᠬᠠᠲᠠᠬᠤ ᠪᠠᠷ ᠵᠢᠱᠢᠶ᠎ᠡ | ᠲᠠᠲᠠᠶ᠎ᠠ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠠᠸᠠᠷ ᠤᠨ ᠭᠡᠷ ᠪᠠᠶᠢᠰᠢᠩ ᠡᠵᠡᠩᠨᠡᠭᠴᠢ ᠲᠠᠸᠠᠷ ᠤᠨ ᠭᠡᠷ | ᠪᠠᠶᠢᠰᠢᠩ ᠤᠨ ᠠᠷᠠᠯᠵᠢᠶᠠᠨ ᠤ ᠲᠠᠯᠠᠪᠤᠷ ᠭᠠᠵᠠᠷ ᠤᠨ ᠢᠯᠡ ᠭᠠᠵᠠᠷ ᠲᠤ ᠦᠨ᠎ᠡ ᠶᠢᠨ ᠫᠠᠶᠢᠰᠠ᠂ ᠦᠨ᠎ᠡ ᠬᠠᠩᠰᠢ ᠶᠢᠨ | ᠬᠦᠰᠦᠨᠦᠭᠲᠦ ᠪᠤᠶᠤ ᠦᠨ᠎ᠡ ᠬᠠᠩᠰᠢ ᠶᠢᠨ ᠭᠠᠷ ᠳᠡᠪᠲᠡᠷ ᠲᠠᠯᠪᠢᠬᠤ ᠬᠡᠷᠡᠭᠲᠡᠢ᠂ ᠡᠭᠦᠨ ᠤ ᠵᠡᠷᠭᠡᠪᠡᠷ ᠢᠨᠲ᠋ᠧᠷ | ᠰᠦᠯᠵᠢᠶ᠎ᠡ ᠪᠠᠷ ᠯᠠᠪᠯᠠᠬᠤ᠂ ᠣᠯᠠᠨ ᠵᠠᠭᠤᠴᠢᠯᠠᠭᠤᠷ ᠤᠨ ᠦᠵᠦᠭᠦᠷ ᠢᠶᠠᠷ ᠯᠠᠪᠯᠠᠬᠤ᠂ ᠡᠯᠧᠺᠲᠷᠣᠨ ᠮᠡᠳᠡᠭᠡ | ᠵᠠᠩᠭᠢ ᠶᠢᠨ ᠳᠡᠯᠭᠡᠴᠡ ᠵᠡᠷᠭᠡ ᠠᠷᠭ᠎ᠠ ᠮᠠᠶ᠋ᠢᠭ ᠢᠶᠠᠷ ᠦᠨ᠎ᠡ ᠶᠢ ᠢᠯᠡ ᠬᠠᠳᠠᠵᠤ ᠪᠣᠯᠣᠨ᠎ᠠ᠃ ᠳᠡᠭᠡᠷ᠎ᠡ ᠳᠤᠷᠠᠳᠤᠭᠰᠠᠨ | ᠤᠯᠠᠨ ᠵᠦᠢᠯ ᠤᠨ ᠠᠷᠭ᠎ᠠ ᠮᠠᠶ᠋ᠢᠭ ᠢᠶᠠᠷ ᠦᠨ᠎ᠡ ᠬᠠᠩᠰᠢ ᠶᠢ ᠢᠯᠡ ᠬᠠᠳᠠᠬᠤ ᠳᠤ ᠦᠨ᠎ᠡ ᠶᠢᠨ ᠠᠭᠤᠯᠭ᠎ᠠ ᠨᠢ | ᠨᠢᠭᠡᠳᠦᠯᠲᠡᠢ ᠪᠠᠶᠢᠵᠤ᠂ ᠦᠨ᠎ᠡ ᠬᠠᠩᠰᠢ ᠨᠢ ᠪᠦᠷᠢᠨ ᠭᠦᠢᠴᠡᠳ᠂ ᠬᠠᠲᠠᠭᠰᠠᠨ ᠠᠭᠤᠯᠭ᠎ᠠ ᠨᠢ ᠦᠨᠡᠨ ᠪᠣᠳᠠᠲᠠᠢ | ᠪᠥᠭᠡᠳ ᠲᠣᠳᠣᠷᠬᠠᠢ᠂ ᠦᠰᠦᠭ ᠤᠨ ᠲᠢᠭ ᠨᠢ ᠲᠣᠳᠣᠷᠬᠠᠢ᠂ ᠢᠯᠡ ᠲᠣᠳᠣ ᠢᠯᠡᠳᠬᠡᠬᠦ ᠬᠡᠷᠡᠭᠲᠡᠢ᠃ | ᠡᠵᠡᠩᠨᠡᠭᠴᠢ ᠠᠷᠠᠯᠵᠢᠶᠠᠨ ᠤ ᠲᠠᠯᠠᠪᠤᠷ ᠭᠠᠵᠠᠷ ᠤᠨ ᠢᠯᠡ ᠭᠠᠵᠠᠷ ᠲᠤ ᠦᠨ᠎ᠡ ᠶᠢᠨ ᠫᠠᠶᠢᠰᠠ ᠡᠯᠭᠦᠵᠦ᠂ | ᠲᠠᠸᠠᠷ ᠤᠨ ᠭᠡᠷ ᠪᠠᠶᠢᠰᠢᠩ ᠤᠨ ᠦᠨ᠎ᠡ ᠬᠠᠩᠰᠢ ᠯᠤᠭ᠎ᠠ ᠬᠤᠯᠪᠣᠭᠳᠠᠬᠤ ᠳᠣᠣᠷᠠᠬᠢ ᠠᠭᠤᠯᠭ᠎ᠠ ᠶᠢ ᠲᠣᠳᠣᠷᠬᠠᠢ | ᠢᠯᠡᠳᠬᠡᠬᠦ ᠬᠡᠷᠡᠭᠲᠡᠢ᠄ ︵ᠨᠢᠭᠡ︶ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠨᠡᠷᠡᠶᠢᠳᠦᠯ᠂ ᠤᠷᠢᠳᠴᠢᠯᠠᠨ | ᠬᠤᠳᠠᠯᠳᠤᠬᠤ ᠵᠥᠪᠰᠢᠶᠡᠷᠡᠯ ᠤᠨ ᠦᠨᠡᠮᠯᠡᠯ᠂ ᠭᠠᠵᠠᠷ ᠰᠢᠷᠣᠢ ᠶᠢᠨ ᠰᠢᠨᠵᠢ ᠴᠢᠨᠠᠷ᠂ ᠭᠠᠵᠠᠷ ᠰᠢᠷᠣᠢ ᠶᠢᠨ | ᠬᠡᠷᠡᠭᠯᠡᠯᠲᠡ ᠶᠢᠨ ᠡᠬᠢᠯᠡᠵᠦ ᠳᠠᠭᠤᠰᠬᠤ ᠵᠢᠯ ᠬᠤᠭᠤᠴᠠᠭ᠎ᠠ᠂ ᠠᠰᠠᠷ ᠤᠨ ᠨᠡᠷᠡᠶᠢᠳᠦᠯ᠂ ᠣᠷᠣᠨ ᠪᠠᠶᠢᠷᠢ ᠂ | ᠪᠠᠭᠲᠠᠭᠠᠮᠵᠢ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ ᠨᠣᠷᠮ᠎ᠠ᠂ ᠲᠡᠷᠭᠡᠨ ᠵᠣᠭᠰᠣᠭᠠᠯ ᠤᠨ ᠲᠣᠬᠢᠷᠠᠭᠤᠯᠤᠯᠲᠠ ᠶᠢᠨ | ᠨᠤᠷᠮ᠎ᠠ᠃ ︵ᠬᠤᠶᠠᠷ︶ ᠠᠰᠠᠷ ᠤᠨ ᠪᠠᠷᠢᠯᠭ᠎ᠠ ᠶᠢᠨ ᠪᠦᠲᠦᠴᠡ᠂ ᠵᠠᠰᠠᠵᠤ ᠴᠢᠮᠡᠭᠯᠡᠭᠰᠡᠨ ᠪᠠᠶᠢᠳᠠᠯ ᠵᠢᠴᠢ ᠤᠰᠤ᠂ | ᠴᠠᠬᠢᠯᠭᠠᠨ᠂ ᠰᠢᠲᠠᠮᠠᠬᠠᠢ ᠬᠡᠢ᠂ ᠳᠤᠯᠠᠭᠠᠯᠠᠭ᠎ᠠ᠂ ᠴᠢᠮᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ | ᠲᠣᠬᠢᠷᠠᠭᠤᠯᠤᠯᠲᠠ ᠶᠢᠨ ᠪᠠᠶᠢᠳᠠᠯ᠃ ︵ᠭᠤᠷᠪᠠ︶ ᠲᠤᠰ ᠬᠤᠭᠤᠴᠠᠭᠠᠨ ᠳᠤ ᠪᠣᠷᠣᠯᠠᠭᠤᠯᠬᠤ ᠭᠡᠷ ᠪᠠᠶᠢᠰᠢᠩ ᠤᠨ | ᠪᠠᠶᠢᠳᠠᠯ ᠵᠢᠴᠢ ᠭᠡᠷ ᠪᠠᠶᠢᠰᠢᠩ ᠨᠢᠭᠡᠪᠦᠷᠢ ᠶᠢᠨ ᠪᠣᠷᠣᠯᠠᠭᠤᠯᠤᠭᠰᠠᠨ ᠪᠠᠶᠢᠳᠠᠯ᠂ ᠭᠡᠷ ᠤᠨ ᠨᠣᠮᠧᠷ᠂ ᠳᠠᠪᠬᠤᠷᠭ᠎ᠠ᠂ | ᠭᠡᠷ ᠤᠨ ᠬᠡᠯᠪᠡᠷᠢ᠂ ᠳᠠᠪᠬᠤᠷᠭ᠎ᠠ ᠶᠢᠨ ᠥᠨᠳᠥᠷ᠂ ᠪᠠᠷᠢᠯᠭ᠎ᠠ ᠶᠢᠨ ᠲᠠᠯᠠᠪᠠᠢ᠂ ᠭᠡᠷ ᠤᠨ ᠳᠣᠲᠣᠷᠠᠬᠢ ᠪᠠᠷᠢᠯᠭ᠎ᠠ ᠶᠢᠨ | ᠲᠠᠯᠠᠪᠠᠢ ᠪᠣᠯᠣᠨ ᠬᠤᠪᠢᠶᠠᠨ ᠳᠠᠭᠠᠭᠠᠬᠤ ᠬᠠᠮᠲᠤ ᠶᠢᠨ ᠪᠠᠷᠢᠯᠭ᠎ᠠ ᠶᠢᠨ ᠲᠠᠯᠠᠪᠠᠢ᠂ ᠲᠡᠭᠰᠢ ᠳᠥᠷᠪᠡᠯᠵᠢᠨ ᠮᠧᠲᠷ | ᠪᠦᠷᠢ ᠶᠢᠨ ᠨᠢᠭᠡᠴᠢ ᠦᠨ᠎ᠡ᠂ ᠢᠵᠢ ᠪᠦᠷᠢ ᠶᠢᠨ ᠪᠣᠷᠤᠯᠠᠭᠤᠯᠤᠯᠲᠠ ᠶᠢᠨ ᠶᠡᠷᠦᠩᠬᠡᠢ ᠦᠨ᠎ᠡ᠃ ︵ᠳᠥᠷᠪᠡ︶ | ᠲᠠᠸᠠᠷ ᠤᠨ ᠭᠡᠷ ᠪᠠᠶᠢᠰᠢᠩ ᠬᠢᠮᠳᠠᠷᠠᠯ ᠲᠠᠢ ᠪᠣᠯ ᠬᠢᠮᠳᠠᠷᠠᠯ ᠤᠨ ᠬᠡᠮᠵᠢᠶ᠎ᠡ ᠪᠠ ᠬᠢᠮᠳᠠᠷᠠᠯ ᠢ ᠬᠦᠷᠳᠡᠬᠦ ᠨᠥᠬᠦᠴᠡᠯ ᠢ | ᠢᠯᠡᠷᠬᠡᠶᠢᠯᠡᠬᠦ ᠬᠡᠷᠡᠭᠲᠡᠢ᠃ ︵ᠲᠠᠪᠤ︶ ᠭᠠᠵᠠᠷ ᠳᠣᠣᠷᠠᠬᠢ ᠲᠡᠷᠭᠡᠨ ᠵᠣᠭᠰᠤᠭᠠᠯ ᠪᠣᠷᠤᠯᠠᠭᠤᠯᠬᠤ ᠳᠤ ᠲᠡᠷᠭᠡᠨ | ᠵᠣᠭᠰᠤᠭᠠᠯ ᠤᠨ ᠪᠠᠶᠢᠷᠢ ᠪᠤᠶᠤ ᠲᠡᠷᠭᠡᠨ ᠬᠥᠮᠥᠷᠭᠡ ᠶᠢᠨ ᠲᠠᠯᠠᠪᠠᠢ ᠪᠣᠯᠣᠨ ᠪᠣᠷᠤᠯᠠᠭᠤᠯᠤᠯᠲᠠ ᠶᠢᠨ ᠶᠡᠷᠦᠩᠬᠡᠢ | ᠦᠨ᠎ᠡ ᠶᠢ ᠲᠣᠳᠣᠷᠬᠠᠶᠢᠯᠠᠬᠤ ᠬᠡᠷᠡᠭᠲᠡᠢ᠃ | ᠲᠠᠸᠠᠷ ᠤᠨ ᠭᠡᠷ ᠪᠠᠶᠢᠰᠢᠩ ᠡᠵᠡᠩᠨᠡᠭᠴᠢ ᠭᠠᠷ ᠳᠡᠪᠲᠡᠷ ᠤᠨ ᠬᠡᠯᠪᠡᠷᠢ ᠪᠠᠷ ᠳᠣᠣᠷᠠᠬᠢ ᠠᠭᠤᠯᠭ᠎ᠠ ᠶᠢ | ᠲᠣᠳᠣᠷᠬᠠᠢ ᠢᠯᠡᠷᠬᠡᠶᠢᠯᠡᠬᠦ ᠬᠡᠷᠡᠭᠲᠡᠢ᠃ ︵ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ | ᠣᠯᠣᠭᠰᠠᠨ ᠭᠠᠵᠠᠷ ᠬᠡᠷᠡᠭᠯᠡᠬᠦ᠂ ᠲᠦᠯᠦᠪᠵᠢᠬᠦᠯᠬᠦ᠂ ᠭᠠᠵᠠᠷ ᠰᠢᠷᠣᠢ ᠬᠡᠷᠡᠭᠯᠡᠬᠦ᠂ ᠪᠠᠷᠢᠯᠭ᠎ᠠ ᠪᠠᠷᠢᠬᠤ᠂ ᠲᠠᠸᠠᠷ ᠤᠨ | ᠭᠡᠷ ᠪᠠᠶᠢᠰᠢᠩ ᠢ ᠪᠣᠷᠣᠯᠠᠭᠤᠯᠬᠤ ᠵᠡᠷᠭᠡ ᠶᠢ ᠵᠦᠪᠰᠢᠶᠡᠷᠡᠭᠰᠡᠨ ᠵᠥᠪᠰᠢᠶᠡᠷᠡᠯ ᠤᠨ ᠪᠢᠴᠢᠭ ᠤᠨ ᠳ᠋ᠤᠭᠠᠷ ᠪᠠ | ᠵᠥᠪᠰᠢᠶᠡᠷᠡᠭᠰᠡᠨ ᠡᠳᠦᠷ ᠬᠤᠭᠤᠴᠠᠭ᠎ᠠ᠃ ︵ᠬᠤᠶᠠᠷ︶ ᠲᠠᠸᠠᠷ ᠤᠨ ᠭᠡᠷ ᠪᠠᠶᠢᠰᠢᠩ ᠤᠨ ᠠᠷᠠᠯᠵᠢᠶ᠎ᠠ ᠵᠢᠴᠢ | ᠥᠮᠴᠢᠯᠡᠬᠦ ᠡᠷᠬᠡ ᠶᠢ ᠰᠢᠯᠵᠢᠭᠦᠯᠬᠦ ᠵᠡᠷᠭᠡ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ ᠰᠦᠢᠳᠬᠡᠯ ᠬᠤᠷᠢᠶᠠᠬᠤ | ᠲᠥᠷᠥᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ᠃ ᠣᠷᠣᠯᠠᠨ ᠬᠤᠷᠢᠶᠠᠬᠤ ᠣᠷᠣᠯᠠᠨ ᠭᠦᠢᠴᠡᠳᠬᠡᠬᠦ | ᠰᠦᠢᠳᠬᠡᠯ ᠬᠤᠷᠢᠶᠠᠬᠤ ᠳᠠᠭᠠᠨ ᠬᠡᠷᠡᠭᠯᠡᠭᠴᠢᠳ ᠰᠠᠶᠢᠨ ᠳᠤᠷ᠎ᠠ ᠠᠴᠠ ᠪᠠᠨ ᠰᠣᠩᠭᠤᠨ᠎ᠠ ᠭᠡᠵᠦ ᠲᠣᠳᠣᠷᠬᠠᠶᠢᠯᠠᠬᠤ | ᠬᠡᠷᠡᠭᠲᠡᠢ᠃ ︵ᠭᠤᠷᠪᠠ︶ ᠲᠠᠸᠠᠷ ᠤᠨ ᠭᠡᠷ ᠪᠠᠶᠢᠰᠢᠩ ᠢ ᠪᠣᠷᠣᠯᠠᠭᠤᠯᠬᠤ ᠦᠶ᠎ᠡ ᠳᠤ ᠠᠳᠠᠯ ᠠᠬᠤᠢ ᠶᠢᠨ | ᠬᠠᠮᠢᠶᠠᠷᠤᠯᠲᠠ ᠶᠢᠨ ᠠᠵᠤ ᠠᠬᠤᠶᠢᠯᠠᠯ ᠢ ᠰᠣᠩᠭᠤᠨ ᠤᠷᠢᠭᠰᠠᠨ ᠪᠠᠶᠢᠪᠠᠯ᠂ ᠲᠠᠸᠠᠷ ᠤᠨ ᠭᠡᠷ ᠪᠠᠶᠢᠰᠢᠩ ᠤᠨ | ᠡᠵᠡᠩᠨᠡᠭᠴᠢ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠨᠡᠷᠡᠶᠢᠳᠦᠯ᠂ | ᠠᠳᠠᠯ ᠠᠬᠤᠢ ᠶᠢᠨ ᠦᠢᠯᠡᠴᠢᠯᠡᠭᠡᠨ ᠤ ᠠᠭᠤᠯᠭ᠎ᠠ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠬᠠᠮᠲᠤ ᠳᠤᠨᠢ ᠵᠠᠷᠯᠠᠨ ᠨᠡᠶᠢᠲᠡᠯᠡᠬᠦ ᠬᠡᠷᠡᠭᠲᠡᠢ᠃ ︵ᠳᠥᠷᠪᠡ︶ ᠮᠠᠰᠢᠨ ᠬᠦᠳᠡᠯᠭᠡᠭᠦᠷᠲᠦ ᠲᠡᠷᠭᠡ | ᠵᠣᠭᠰᠤᠭᠠᠬᠤ ᠬᠠᠮᠢᠶᠠᠷᠤᠯᠲᠠ ᠶᠢᠨ ᠠᠷᠭ᠎ᠠ ᠪᠣᠯᠣᠨ ᠰᠦᠢᠳᠬᠡᠯ ᠬᠤᠷᠢᠶᠠᠬᠤ ᠪᠠᠷᠢᠮᠵᠢᠶ᠎ᠠ᠃ | ᠬᠡᠷᠡᠭᠯᠡᠭᠴᠢᠳ ᠭᠡᠷ ᠬᠤᠳᠠᠯᠳᠤᠨ ᠠᠪᠬᠤ ᠳᠠᠭᠠᠨ ᠳᠣᠣᠷᠠᠬᠢ ᠬᠡᠳᠦᠨ ᠠᠰᠠᠭᠤᠳᠠᠯ ᠢ ᠠᠩᠬᠠᠷᠪᠠᠯ ᠵᠣᠬᠢᠨ᠎ᠠ᠄ | ᠨᠢᠭᠡ ᠳᠤ ᠪᠣᠷᠣᠯᠠᠭᠤᠯᠤᠭᠴᠢ ᠶᠢᠨ ᠪᠡᠶ᠎ᠡ ᠶᠢᠨ ᠭᠠᠷᠤᠯ ᠢ ᠲᠣᠳᠣᠷᠬᠠᠢ ᠲᠠᠨᠢᠬᠤ ᠬᠡᠷᠡᠭᠲᠡᠢ᠂ ᠪᠢᠳᠡ ᠮᠠᠰᠢ ᠣᠯᠠᠨ | ᠠᠳᠠᠯᠢᠪᠲᠤᠷ ᠵᠠᠭᠠᠯᠳᠤᠯᠭ᠎ᠠ ᠶᠢ ᠭᠥᠯᠢᠶᠡᠨ ᠠᠪᠴᠣ ᠥᠩᠭᠡᠷᠡᠪᠡ᠂ ᠬᠡᠷᠡᠭᠯᠡᠭᠴᠢᠳ ᠭᠡᠷ ᠬᠤᠳᠠᠯᠳᠤᠨ ᠠᠪᠬᠤ ᠳᠠᠭᠠᠨ | ᠭᠡᠷ ᠬᠤᠳᠠᠯᠳᠤᠨ ᠠᠪᠬᠤ ᠵᠣᠭᠤᠰ ᠠᠴᠠ ᠭᠠᠳᠠᠨ᠎ᠠ ᠪᠠᠰᠠ ᠵᠠᠭᠤᠴᠢ ᠶᠢᠨ ᠦᠢᠯᠡᠴᠢᠯᠡᠭᠡᠨ ᠤ ᠰᠦᠢᠳᠬᠡᠯ᠂ ᠮᠡᠳᠡᠭᠡ | ᠵᠠᠩᠭᠢ ᠶᠢᠨ ᠦᠢᠯᠡᠴᠢᠯᠡᠭᠡᠨ ᠤ ᠰᠦᠢᠳᠬᠡᠯ ᠵᠡᠷᠭᠡ ᠶᠢ ᠢᠯᠡᠭᠦᠦ ᠬᠤᠷᠢᠶᠠᠵᠠᠢ᠃ ᠡᠨᠡ ᠪᠣᠯ ᠬᠡᠰᠡᠭ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠪᠣᠷᠣᠯᠠᠭᠤᠯᠬᠤ ᠶᠠᠪᠤᠴᠠ ᠳᠠᠭᠠᠨ | ᠵᠠᠭᠤᠴᠢ ᠪᠠᠶᠢᠭᠤᠯᠤᠮᠵᠢ ᠳᠤ ᠨᠠᠶᠢᠳᠠᠵᠤ ᠵᠠᠭᠤᠴᠢ ᠪᠠᠶᠢᠭᠤᠯᠤᠮᠵᠢ ᠣᠷᠣᠯᠠᠨ ᠪᠣᠷᠣᠯᠠᠭᠤᠯᠤᠭᠰᠠᠨ ᠠᠴᠠ ᠪᠣᠯᠤᠭᠰᠠᠨ | ᠶᠤᠮ᠂ ᠵᠠᠭᠤᠴᠢ ᠪᠠᠶᠢᠭᠤᠯᠤᠮᠵᠢ ᠠᠴᠠ ᠭᠡᠷ ᠪᠠᠶᠢᠰᠢᠩ ᠬᠤᠳᠠᠯᠳᠤᠨ ᠠᠪᠤᠭᠴᠢ ᠳᠤ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ ᠶᠢᠨ ᠬᠤᠭᠤᠷᠣᠨᠳᠤ ᠶᠢᠨ ᠦᠢᠯᠡᠴᠢᠯᠡᠭᠡ᠂ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ | ᠬᠠᠩᠭᠠᠬᠤ ᠳᠤ ᠬᠥᠯᠥᠰᠦᠨ ᠮᠥᠩᠭᠦ ᠠᠪᠴᠤ ᠪᠣᠯᠣᠨ᠎ᠠ᠂ ᠭᠡᠪᠡᠴᠦ ᠵᠠᠭᠤᠴᠢ ᠪᠠᠶᠢᠭᠤᠯᠤᠮᠵᠢ ᠶᠢᠨ ᠠᠵᠢᠯᠲᠠᠨ | ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠭᠠᠷᠤᠯ ᠢᠶᠠᠨ ᠢᠯᠡᠳᠬᠡᠬᠦ ᠦᠭᠡᠢ ᠤᠴᠢᠷ ᠠᠴᠠ ᠭᠡᠷ ᠪᠠᠶᠢᠰᠢᠩ ᠬᠤᠳᠠᠯᠳᠤᠨ | ᠠᠪᠤᠭᠴᠢ ᠨᠢ ᠭᠡᠷ ᠪᠠᠶᠢᠰᠢᠩ ᠬᠤᠳᠠᠯᠳᠤᠨ ᠠᠪᠬᠤ ᠳᠠᠭᠠᠨ ᠪᠣᠷᠣᠯᠠᠭᠤᠯᠤᠭᠴᠢ ᠨᠢ ᠵᠠᠭᠤᠴᠢ ᠪᠠᠶᠢᠭᠤᠯᠤᠮᠵᠢ ᠶᠢᠨ | ᠠᠵᠢᠯᠲᠠᠨ ᠪᠣᠯᠬᠤ ᠶᠢ ᠲᠣᠳᠣᠷᠬᠠᠢ ᠮᠡᠳᠡᠬᠦ ᠦᠭᠡᠢ ᠪᠠᠶᠢᠵᠤ᠂ ᠬᠠᠮᠤᠭ ᠰᠡᠭᠦᠯ ᠳᠤ ᠭᠡᠷ ᠪᠠᠶᠢᠰᠢᠩ ᠤᠨ ᠵᠣᠭᠤᠰ ᠢᠶᠠᠨ | ᠲᠤᠰᠢᠶᠠᠬᠤ ᠦᠶ᠎ᠡ ᠳᠤ ᠰᠠᠶ᠋ᠢ ᠵᠠᠭᠤᠴᠢ ᠪᠠᠶᠢᠭᠤᠯᠤᠮᠵᠢ ᠠᠴᠠ ᠦᠢᠯᠡᠴᠢᠯᠡᠭᠡᠨ ᠤ ᠰᠦᠢᠳᠬᠡᠯ ᠬᠤᠷᠢᠶᠠᠭᠰᠠᠨ ᠢ ᠣᠯᠵᠤ | ᠮᠡᠳᠡᠳᠡᠭ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠺᠣᠮᠫᠠᠨᠢ ᠶᠢᠨ ᠪᠣᠷᠣᠯᠠᠭᠤᠯᠤᠭᠴᠢ ᠶᠤᠮ ᠤᠤ | ᠵᠠᠭᠤᠴᠢ ᠪᠠᠶᠢᠭᠤᠯᠤᠮᠵᠢ ᠶᠢᠨ ᠪᠣᠷᠣᠯᠠᠭᠤᠯᠤᠭᠴᠢ ᠶᠤᠮ ᠤᠤ᠂ ᠵᠠᠭᠤᠴᠢ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ | ᠪᠠᠷᠢᠮᠵᠢᠶ᠎ᠠ ᠨᠢ ᠬᠡᠳᠦᠢ ᠪᠤᠶ ᠭᠡᠳᠡᠭ ᠢ ᠵᠠᠪᠠᠯ ᠲᠣᠳᠣᠷᠬᠠᠢ ᠠᠰᠠᠭᠤᠬᠤ ᠶᠢ ᠠᠳᠡ ᠪᠢᠳᠡ ᠬᠡᠷᠡᠭᠯᠡᠭᠴᠢᠳ ᠲᠤ | ᠰᠠᠨᠠᠭᠤᠯᠵᠤ ᠪᠠᠶᠢᠨ᠎ᠠ᠃ ᠬᠤᠶᠠᠷ ᠲᠤ ᠭᠡᠷ᠎ᠡ ᠶᠢᠨ ᠠᠭᠤᠯᠭ᠎ᠠ ᠶᠢ ᠨᠠᠷᠢᠨ ᠬᠢᠨᠠᠮᠠᠭᠠᠢ ᠦᠵᠡᠵᠦ᠂ ᠶᠠᠭᠤᠨ ᠤ ᠡᠮᠦᠨ᠎ᠡ | ᠬᠢᠮᠳᠠᠷᠠᠭᠤᠯᠬᠤ᠂ ᠪᠡᠯᠡᠨ ᠵᠣᠭᠤᠰ ᠢ ᠣᠷᠤᠯᠠᠭᠤᠯᠬᠤ ᠵᠡᠷᠭᠡ ᠦᠨ᠎ᠡ ᠬᠠᠩᠰᠢ ᠶᠢᠨ ᠲᠠᠯ᠎ᠠ ᠪᠠᠷ ᠬᠢ ᠠᠭᠤᠯᠭ᠎ᠠ ᠨᠢ | ᠤᠬᠠᠭᠤᠯᠭ᠎ᠠ ᠶᠢᠨ ᠠᠭᠤᠯᠭ᠎ᠠ ᠲᠠᠢ ᠨᠢᠭᠡᠳᠦᠯᠲᠡᠢ ᠪᠠᠶᠢᠬᠤ ᠡᠰᠡᠬᠦ ᠶᠢ ᠠᠩᠬᠠᠷᠬᠤ ᠬᠡᠷᠡᠭᠲᠡᠢ᠂ ᠬᠡᠷᠪᠡ ᠨᠢᠭᠡᠳᠦᠯ ᠦᠭᠡᠢ | ᠪᠣᠯ ᠬᠤᠳᠠᠯ ᠬᠠᠭᠤᠷᠮᠠᠭ ᠤᠬᠠᠭᠤᠯᠭ᠎ᠠ ᠳᠤ ᠲᠣᠭᠠᠴᠠᠭᠳᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠳᠤ | ᠲᠣᠭᠠᠴᠠᠭᠳᠠᠬᠤ ᠦᠭᠡᠢ︔ ᠳᠠᠷᠠᠭ᠎ᠠ ᠳᠤᠨᠢ ᠠᠯᠪᠠᠳᠠᠯᠭ᠎ᠠ ᠪᠠᠷ ᠠᠷᠠᠯᠵᠢᠶᠠᠯᠠᠭᠰᠠᠨ ᠠᠭᠤᠯᠭ᠎ᠠ ᠪᠠᠶᠢᠬᠤ ᠡᠰᠡᠬᠦ ᠶᠢ | ᠦᠵᠡᠬᠦ ᠲᠤᠬᠠᠢ ᠠᠭᠤᠯᠭ᠎ᠠ ᠪᠣᠯᠣᠨ᠎ᠠ᠂ ᠵᠢᠱᠢᠶᠡᠯᠡᠪᠡᠯ ᠭᠡᠷ ᠪᠠᠶᠢᠰᠢᠩ ᠬᠤᠳᠠᠯᠳᠤᠨ ᠠᠪᠬᠤ ᠳᠤ ᠡᠷᠬᠡᠪᠰᠢ ᠲᠡᠷᠭᠡᠨ | ᠵᠣᠭᠰᠤᠭᠠᠯ ᠬᠤᠳᠠᠯᠳᠤᠨ ᠠᠪᠬᠤ ᠬᠡᠷᠡᠭᠲᠡᠢ ᠭᠡᠬᠦ ᠵᠡᠷᠭᠡ ᠨᠢ ᠠᠯᠪᠠᠳᠠᠯᠭ᠎ᠠ ᠪᠠᠷ ᠠᠷᠠᠯᠵᠢᠶᠠᠯᠠᠭᠰᠠᠨ ᠳᠤ | ᠲᠣᠭᠠᠴᠠᠭᠳᠠᠨ᠎ᠠ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠠᠰᠠᠭᠤᠳᠠᠯ ᠳᠤ ᠲᠣᠭᠠᠴᠠᠭᠳᠠᠬᠤ ᠦᠭᠡᠢ᠃ | 17. ᠬᠥᠲᠥᠯᠥᠭᠴᠢ | ᠦᠨ᠎ᠡ ᠬᠠᠩᠰᠢ ᠶᠢᠨ ᠲᠠᠯ᠎ᠠ ᠪᠠᠷ ᠬᠡᠷᠡᠭᠯᠡᠭᠴᠢᠳ ᠤᠨ ᠡᠮᠦᠨ᠎ᠡ ᠠᠴᠠ ᠲᠠᠨ ᠠᠴᠠ ᠠᠰᠠᠭᠤᠬᠤ ᠪᠠᠰᠠ ᠨᠢᠭᠡ | ᠠᠰᠠᠭᠤᠯᠲᠠ ᠪᠠᠶᠢᠨ᠎ᠠ᠂ ᠳᠠᠷᠤᠢ ᠪᠠᠷᠠᠭᠠᠨ ᠤ ᠦᠨ᠎ᠡ ᠶᠢ ᠳᠦᠷᠬᠢᠯᠳᠦᠨ ᠥᠰᠬᠡᠬᠦ ᠲᠠᠯ᠎ᠠ ᠪᠠᠷ ᠮᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠨᠡᠬᠦ ᠠᠰᠠᠭᠤᠳᠠᠯ ᠤᠨ ᠲᠤᠬᠠᠢ ᠶᠠᠮᠠᠷ | ᠪᠣᠳᠠᠲᠠᠢ ᠲᠣᠭᠲᠠᠭᠠᠯ ᠭᠠᠷᠭᠠᠭᠰᠠᠨ ᠪᠤᠶ︖ ᠬᠡᠷᠡᠭᠯᠡᠭᠴᠢᠳ ᠬᠡᠷᠬᠢᠨ ᠢᠯᠭᠠᠨ ᠲᠠᠨᠢᠬᠤ ᠪᠤᠶ︖ | 18. ᠦᠨ᠎ᠡ ᠬᠠᠩᠰᠢ ᠶᠢᠨ ᠬᠢᠨᠠᠨ ᠪᠠᠶᠢᠴᠠᠭᠠᠯᠲᠠ ᠶᠢᠨ ᠰᠠᠯᠠᠭ᠎ᠠ ᠶᠢᠨ ᠯᠢ ᠵᠧ | ᠡᠨᠡ ᠰᠠᠶᠢᠨ ᠠᠰᠠᠭᠤᠯᠲᠠ ᠪᠠᠶᠢᠨ᠎ᠠ᠂ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ ᠠᠰᠠᠭᠤᠳᠠᠯ ᠢ | ᠠᠷᠠᠳ ᠤᠯᠠᠨ ᠢᠶᠠᠷ ᠢᠶᠠᠨ ᠶᠡᠷᠦᠨᠢ ᠠᠩᠬᠠᠷᠤᠭᠰᠠᠭᠠᠷ ᠢᠷᠡᠪᠡ᠂ ᠡᠨᠡ ᠨᠢ ᠮᠥᠨ ᠴᠦ ᠪᠢᠳᠡᠨ ᠤ ᠬᠢᠨᠠᠯᠲᠠ | ᠬᠠᠮᠢᠶᠠᠷᠤᠯᠲᠠ ᠶᠢᠨ ᠭᠤᠣᠯᠳᠠᠯᠭ᠎ᠠ ᠪᠣᠯᠤᠭᠰᠠᠭᠠᠷ ᠢᠷᠡᠭᠰᠡᠨ ᠶᠤᠮ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ | ᠢᠳᠡᠰᠢᠨ ᠨᠣᠭᠤᠭ᠎ᠠ ᠵᠡᠷᠭᠡ ᠠᠷᠠᠳ ᠤᠨ ᠠᠮᠢᠳᠤᠷᠠᠯ ᠤᠨ ᠲᠠᠸᠠᠷ ᠤᠨ ᠦᠨ᠎ᠡ ᠬᠠᠩᠰᠢ ᠶᠢ ᠳᠦᠷᠭᠢᠯᠳᠦᠨ ᠥᠰᠬᠡᠬᠦ | ᠲᠤᠬᠠᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠣᠯᠠᠰᠢᠷᠠᠵᠤ᠂ ︽ᠦᠨ᠎ᠡ ᠬᠠᠩᠰᠢ ᠶᠢᠨ ᠬᠠᠤᠯᠢ︾᠂ ︽ | ᠵᠠᠰᠠᠭ ᠵᠠᠬᠢᠷᠭᠠᠨ ᠤ ᠦᠨ᠎ᠡ ᠬᠠᠩᠰᠢ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠭᠡᠯ | ᠥᠭᠬᠦ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠭᠲᠠᠭᠠᠭᠰᠠᠨ ᠢ ᠦᠨᠳᠦᠰᠦᠯᠡᠪᠡᠯ᠂ | ᠦᠨ᠎ᠡ ᠬᠠᠩᠰᠢ ᠶᠢ ᠳᠦᠷᠭᠢᠯᠳᠦᠨ ᠥᠰᠬᠡᠬᠦ ᠶᠢᠨ ᠭᠤᠣᠯ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠳᠣᠣᠷᠠᠬᠢ | ᠮᠡᠲᠦ ᠬᠡᠳᠦᠨ ᠲᠠᠯ᠎ᠠ ᠪᠠᠶᠢᠳᠠᠭ᠄ ᠨᠢᠭᠡ ᠳᠤ ᠦᠨ᠎ᠡ ᠬᠠᠩᠰᠢ ᠦᠰᠦᠭᠰᠡᠨ ᠮᠡᠳᠡᠭᠡ ᠵᠠᠩᠭᠢ ᠶᠢ ᠬᠤᠳᠠᠯ ᠢᠶᠠᠷ | ᠵᠣᠬᠢᠶᠠᠵᠤ᠂ ᠲᠠᠷᠬᠠᠭᠠᠵᠤ ᠦᠨ᠎ᠡ ᠬᠠᠩᠰᠢ ᠶᠢ ᠶᠡᠬᠡᠪᠡᠷ ᠦᠰᠭᠡᠬᠦ᠂ ᠬᠤᠶᠠᠷ ᠲᠤ ᠦᠢᠯᠡᠳᠪᠦᠷᠢᠯᠡᠯ ᠤᠨ ᠥᠪᠡᠷ ᠤᠨ | ᠦᠷᠳᠡᠭ ᠪᠤᠶᠤ ᠪᠠᠷᠠᠭ᠎ᠠ ᠣᠷᠣᠭᠤᠯᠬᠤ ᠥᠪᠡᠷ ᠤᠨ ᠦᠷᠳᠡᠭ ᠲᠤ ᠢᠯᠡᠳᠲᠡ ᠬᠤᠪᠢᠷᠠᠯᠲᠠ ᠭᠠᠷᠤᠭᠰᠠᠨ ᠦᠭᠡᠢ | ᠪᠠᠶᠢᠳᠠᠯ ᠳᠤ ᠭᠡᠳᠤ ᠠᠰᠢᠭ ᠣᠯᠬᠤ ᠪᠠᠷ ᠵᠣᠷᠢᠯᠭ᠎ᠠ ᠪᠣᠯᠭᠠᠵᠤ᠂ ᠦᠨ᠎ᠡ ᠬᠠᠩᠰᠢ ᠶᠢ ᠶᠡᠬᠡᠪᠡᠷ ᠥᠰᠬᠡᠬᠦ᠃ | ᠭᠤᠷᠪᠠ ᠳᠤ ᠵᠠᠷᠢᠮ ᠭᠠᠵᠠᠷ ᠣᠷᠣᠨ ᠪᠤᠶᠤ ᠠᠵᠢᠯ ᠲᠦᠷᠦᠯ ᠳᠤ ᠦᠨ᠎ᠡ ᠬᠠᠩᠰᠢ ᠶᠢ ᠲᠦᠷᠦᠭᠦᠯᠡᠨ ᠦᠰᠭᠡᠬᠦ᠃ | ᠦᠨ᠎ᠡ ᠬᠠᠩᠰᠢ ᠶᠢ ᠲᠦᠷᠦᠭᠦᠯᠡᠨ ᠶᠡᠬᠡᠪᠡᠷ ᠥᠰᠬᠡᠬᠦ ᠶᠢᠨ ᠣᠨᠴᠠᠯᠢᠭ ᠭᠡᠪᠡᠯ᠂ ᠲᠠᠸᠠᠷ ᠪᠠ ᠦᠢᠯᠡᠴᠢᠯᠡᠭᠡᠨ ᠤ ᠦᠨ᠎ᠡ | ᠬᠠᠩᠰᠢ ᠶᠢᠨ ᠭᠡᠳᠤ ᠥᠰᠦᠯᠲᠡ ᠶᠢ ᠲᠦᠷᠦᠭᠦᠯᠡᠨ ᠠᠬᠢᠭᠤᠯᠵᠤ᠂ ᠪᠤᠰᠤᠳ ᠲᠠᠸᠠᠷ ᠪᠠ ᠦᠢᠯᠡᠴᠢᠯᠡᠭᠡᠨ ᠤ ᠦᠨ᠎ᠡ | ᠬᠠᠩᠰᠢ ᠶᠢᠨ ᠲᠠᠭᠠᠯᠳᠤᠨ ᠥᠰᠬᠦ ᠶᠢ ᠬᠥᠲᠥᠯᠥᠨ᠂ ᠦᠨ᠎ᠡ ᠬᠠᠩᠰᠢ ᠶᠡᠬᠡᠪᠡᠷ ᠥᠰᠬᠦ ᠳᠤ ᠬᠦᠷᠦᠭᠦᠯᠦᠨ᠎ᠡ᠃ | ᠳᠥᠷᠪᠡ ᠳᠤ ᠪᠠᠷᠠᠭ᠎ᠠ ᠶᠢ ᠶᠡᠬᠡᠪᠡᠷ ᠨᠦᠭᠡᠴᠡᠯᠡᠨ ᠳᠠᠷᠤᠬᠤ ᠠᠴᠠ ᠪᠣᠯᠵᠤ ᠲᠠᠸᠠᠷ ᠤᠨ ᠬᠠᠩᠭᠠᠯᠭ᠎ᠠ ᠨᠢ | ᠬᠡᠷᠡᠭᠴᠡᠭᠡ ᠳᠡᠭᠡᠨ ᠬᠦᠷᠬᠦ ᠦᠭᠡᠢ ᠪᠣᠯᠤᠭᠠᠳ ᠦᠨ᠎ᠡ ᠬᠠᠩᠰᠢ ᠨᠢ ᠶᠡᠬᠡᠪᠡᠷ ᠦᠰᠬᠦ᠃ ᠦᠨ᠎ᠡ ᠬᠠᠩᠰᠢ ᠶᠢ | ᠳᠦᠷᠭᠢᠯᠳᠦᠨ ᠥᠰᠬᠡᠬᠦ ᠠᠵᠢᠯᠯᠠᠭ᠎ᠠ ᠪᠣᠯᠬᠤ ᠪᠣᠳᠠᠲᠠᠢ ᠦᠨ᠎ᠡ ᠥᠰᠬᠡᠬᠦ ᠪᠤᠶᠤ ᠦᠨ᠎ᠡ ᠥᠰᠬᠦ ᠳᠤ ᠬᠦᠷᠦᠭᠰᠡᠨ | ᠬᠡᠮᠵᠢᠶ᠎ᠡ ᠶᠢ ᠮᠤᠵᠢ ᠶᠢᠨ ᠱᠠᠲᠤᠨ ᠤ ᠦᠨ᠎ᠡ ᠬᠠᠩᠰᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠤᠬᠠᠢ ᠶᠢᠨ ᠭᠠᠵᠠᠷ ᠤᠨ ᠪᠣᠳᠠᠲᠠᠢ ᠪᠠᠶᠢᠳᠠᠯ ᠢ ᠦᠨᠳᠦᠰᠦᠯᠡᠨ ᠳᠤᠷᠠᠳᠤᠨ ᠭᠠᠷᠭᠠᠬᠤ ᠶᠢᠨ ᠬᠠᠮᠲᠤ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ ᠲᠤᠭᠲᠠᠭᠠᠨ᠎ᠠ᠃ ᠡᠨᠡ ᠵᠢᠯ ᠤᠨ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠦᠨ᠎ᠡ | ᠬᠠᠩᠰᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠨᠡᠶᠢᠲᠡᠯᠡᠵᠦ ᠦᠨ᠎ᠡ ᠥᠰᠬᠡᠬᠦ ᠨᠣᠷᠮ᠎ᠠ ᠲᠣᠭᠲᠠᠭᠠᠭᠰᠠᠨ ᠦᠭᠡᠢ ᠪᠣᠯᠬᠤᠷ | ᠂ ᠬᠠᠤᠯᠢ ᠴᠠᠭᠠᠵᠠ ᠶᠢᠨ ᠲᠣᠭᠲᠠᠭᠠᠯ ᠠᠴᠠ ᠦᠵᠡᠪᠡᠯ᠂ ᠶᠠᠮᠠᠷ ᠠᠷᠭ᠎ᠠ ᠬᠡᠷᠡᠭᠯᠡᠭᠰᠡᠨ ᠴᠦ ᠴᠥᠮ ᠡᠷᠬᠡᠪᠰᠢ ᠲᠠᠸᠠᠷ ᠤᠨ | ᠦᠨ᠎ᠡ ᠬᠠᠩᠰᠢ ᠶᠢ ᠬᠡᠲᠦ ᠲᠦᠷᠭᠡᠨ᠂ ᠬᠡᠲᠦ ᠥᠨᠳᠥᠷ ᠥᠰᠬᠡᠬᠦ ᠶᠢ ᠠᠬᠢᠭᠤᠯᠤᠭᠰᠠᠨ ᠪᠣᠯ ᠰᠠᠶ᠋ᠢ ᠪᠠᠷᠠᠭᠠᠨ ᠤ | ᠦᠨ᠎ᠡ ᠶᠢ ᠳᠦᠷᠬᠢᠯᠳᠦᠨ ᠦᠰᠭᠡᠭᠰᠡᠨ ᠠᠵᠢᠯᠯᠠᠭ᠎ᠠ ᠪᠣᠯᠤᠨ᠎ᠠ᠂ ᠡᠶᠢᠮᠦ ᠠᠴᠠ ᠰᠢᠨᠵᠢ ᠴᠢᠨᠠᠷ ᠢ ᠲᠣᠭᠲᠠᠭᠠᠬᠤ ᠳᠤ | ᠨᠡᠯᠢᠶᠡᠳ ᠬᠦᠴᠢᠷᠲᠡᠢ ᠶᠤᠮ᠃ ᠬᠡᠷᠡᠭᠯᠡᠭᠴᠢᠳ ᠲᠠᠸᠠᠷ ᠬᠤᠳᠠᠯᠳᠤᠨ ᠠᠪᠬᠤ ᠳᠠᠭᠠᠨ ᠵᠠᠷᠢᠮ ᠲᠠᠸᠠᠷ ᠤᠨ ᠦᠨ᠎ᠡ ᠨᠢ | ᠣᠬᠤᠷᠬᠠᠨ ᠬᠤᠭᠤᠴᠠᠭᠠᠨ ᠳᠤ ᠶᠡᠬᠡᠪᠡᠷ ᠥᠰᠦᠭᠰᠡᠨ ᠢ ᠣᠯᠵᠤ ᠮᠡᠳᠡᠪᠡᠯ᠂ ᠮᠠᠨ ᠤ ᠵᠠᠭᠠᠯᠳᠤᠯᠭ᠎ᠠ ᠶᠢᠨ ᠤᠲᠠᠰᠤ | 12315 ᠳᠤ ᠤᠲᠠᠰᠤᠳᠠᠵᠤ ᠪᠣᠯᠣᠨ᠎ᠠ᠂ ᠪᠢᠳᠡ ᠬᠡᠷᠡᠭᠯᠡᠭᠴᠢᠳ ᠤᠨ ᠬᠠᠩᠭᠠᠭᠰᠠᠨ ᠰᠦᠪᠡᠭᠴᠢ ᠶᠢ ᠦᠨᠳᠦᠰᠦᠯᠡᠨ | ᠪᠠᠶᠢᠴᠠᠭᠠᠵᠤ ᠬᠢᠨᠠᠨ ᠬᠠᠷᠭᠤᠭᠤᠯᠬᠤ ᠪᠣᠯᠣᠨ᠎ᠠ᠃ | 19. ᠬᠥᠲᠥᠯᠥᠭᠴᠢ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠷᠠᠳ ᠣᠯᠠᠨ ᠤ ᠣᠨᠴᠠ ᠠᠩᠬᠠᠷᠴᠤ ᠪᠠᠶᠢᠭ᠎ᠠ ᠡᠮᠴᠢᠯᠡᠭᠡᠨ ᠤ | ᠪᠠᠭᠠᠵᠢ ᠬᠡᠷᠡᠭᠰᠡᠯ ᠤᠨ ᠲᠠᠯ᠎ᠠ ᠪᠠᠷ ᠬᠢ ᠠᠭᠤᠯᠭ᠎ᠠ ᠠᠴᠠ ᠶᠠᠷᠢᠪᠠᠯ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ | ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠲᠠᠯ᠎ᠠ ᠳᠤ ᠶᠠᠮᠠᠷ ᠶᠠᠮᠠᠷ ᠠᠵᠢᠯ ᠬᠢᠭᠰᠡᠨ ᠲᠤᠬᠠᠢ ᠰᠦᠯᠵᠢᠶᠡᠨ | ᠠᠨᠳᠠ ᠨᠠᠷ ᠠᠩᠬᠠᠷᠴᠤ ᠪᠠᠶᠢᠨ᠎ᠠ᠃ | 20. ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ | ᠸᠠᠩ ᠯᠢ ᠬᠤᠩ | ᠬᠢᠵᠢᠭ ᠤᠨ ᠬᠤᠭᠤᠴᠠᠭᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ | ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠥᠪᠡᠷᠲᠡᠭᠡᠨ ᠵᠠᠰᠠᠬᠤ ᠣᠷᠣᠨ ᠤ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠮᠠᠨ ᠤ ᠲᠣᠪᠴᠢᠶ᠎ᠠ ᠬᠤᠰᠢᠭᠤ ᠰᠢᠶᠠᠨ ᠲᠣᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠲᠣᠮᠢᠯᠠᠭᠰᠠᠨ ᠬᠤᠪᠢᠶᠠᠷᠢ ᠲᠣᠪᠴᠢᠶ᠎ᠠ ᠶᠢ | ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ | ᠬᠡᠷᠡᠭᠰᠡᠯ ᠤᠨ ᠶᠠᠰᠤ ᠴᠢᠨᠠᠷ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ︽ᠰᠢᠨ᠎ᠡ ᠲᠢᠲᠢᠮᠯᠢᠭ ᠸᠢᠷᠦ᠋ᠰ ᠤᠨ | ᠪᠥᠭᠡᠮ ᠬᠦᠴᠢᠯ ᠢ ᠰᠢᠯᠭᠠᠨ ᠪᠠᠶᠢᠴᠠᠭᠠᠬᠤ ᠤᠷᠪᠠᠯᠵᠢ᠂ ᠡᠮᠨᠡᠯᠭᠡ ᠳᠤ ᠬᠡᠷᠡᠭᠯᠡᠬᠦ ᠠᠮᠠᠪᠴᠢ᠂ ᠡᠮᠨᠡᠯᠭᠡ ᠳᠤ ᠬᠡᠷᠡᠭᠯᠡᠬᠦ | ᠬᠠᠮᠠᠭᠠᠯᠠᠯᠲᠠ ᠶᠢᠨ ᠬᠤᠪᠴᠠᠰᠤ᠂ ᠬᠡᠲᠦ ᠤᠯᠠᠭᠠᠨ ᠤ ᠪᠡᠶ᠎ᠡ ᠶᠢᠨ ᠳᠤᠯᠠᠭᠠᠨ ᠤ ᠬᠡᠮᠵᠢᠭᠦᠷ ᠪᠠ ᠠᠮᠢᠰᠬᠤᠯ ᠤᠨ ᠮᠠᠰᠢᠨ | ︾ ᠵᠡᠷᠭᠡ ᠲᠠᠪᠤᠨ ᠶᠡᠭᠡ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ ᠠᠪᠴᠤ ᠰᠢᠯᠭᠠᠨ ᠠᠪᠬᠤ᠂ | ᠬᠠᠳᠠᠭᠠᠯᠠᠬᠤ ᠪᠣᠷᠣᠯᠠᠭᠤᠯᠬᠤ ᠲᠡᠭᠡᠭᠡᠪᠦᠷᠢᠯᠡᠬᠦ ᠪᠠ ᠵᠠᠮ ᠵᠠᠭᠤᠷ᠎ᠠ ᠶᠢᠨ ᠳᠤᠯᠠᠭᠠᠨ ᠤ ᠬᠡᠮᠵᠢᠶ᠎ᠡ ᠶᠢᠨ ᠲᠤᠭ᠎ᠠ | ᠪᠠᠷᠢᠮᠲᠠ ᠶᠢ ᠬᠢᠨᠠᠨ ᠬᠡᠮᠵᠢᠬᠦ ᠵᠡᠷᠭᠡ ᠭᠤᠭᠴᠤᠭ᠎ᠠ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ ᠲᠤᠬᠠᠢ ᠶᠢᠨ | ᠲᠠᠯᠠᠪᠠᠶ ᠶᠢᠨ ᠪᠠᠶᠢᠴᠠᠭᠠᠯᠲᠠ ᠳᠤ ᠲᠡᠭᠡᠭᠡᠪᠦᠷᠢ ᠶᠢᠨ ᠲᠡᠮᠳᠡᠭᠯᠡᠯ ᠪᠦᠷᠢᠨ ᠪᠤᠰᠤ᠂ ᠬᠦᠢᠲᠡᠨ ᠬᠡᠯᠬᠢᠶᠡᠲᠦ | ᠲᠡᠭᠡᠭᠡᠪᠦᠷᠢ ᠶᠢᠨ ᠲᠤᠰᠢᠶᠠᠬᠤ ᠪᠠ ᠭᠥᠯᠢᠶᠡᠨ ᠠᠪᠬᠤ ᠬᠠᠭᠤᠳᠠᠰᠤ ᠶᠢᠨ ᠠᠭᠤᠯᠭ᠎ᠠ ᠪᠦᠷᠢᠨ ᠪᠤᠰᠤ᠂ ᠶᠠᠰᠤ | ᠴᠢᠨᠠᠷ ᠤᠨ ᠪᠠᠲᠤᠯᠠᠭ᠎ᠠ ᠶᠢᠨ ᠵᠥᠪᠯᠡᠯᠴᠡᠭᠡᠷ ᠲᠣᠭᠲᠠᠭᠰᠠᠨ ᠨᠢ ᠵᠢᠷᠤᠮᠵᠢᠯ ᠦᠭᠡᠢ ᠵᠡᠷᠭᠡ ᠠᠰᠠᠭᠤᠳᠠᠯ ᠢ | ᠢᠯᠡᠷᠡᠭᠦᠯᠦᠭᠰᠡᠨ ᠳᠤ᠂ ᠲᠤᠬᠠᠢ ᠶᠢᠨ ᠲᠠᠯᠠᠪᠤᠷ ᠲᠤᠨᠢ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠴᠡᠭᠴᠡᠯᠡᠨ | ᠰᠠᠶᠢᠵᠢᠷᠠᠭᠤᠯᠪᠠ᠃ ᠣᠲᠣ ᠪᠣᠯᠲᠠᠯ᠎ᠠ᠂ ᠪᠥᠬᠦ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠬᠡᠷᠡᠭᠯᠡᠬᠦ ᠨᠢᠭᠡᠴᠡ ᠶᠢ | ᠨᠡᠶᠢᠲᠡ ᠳᠥᠷᠪᠡᠨ ᠮᠢᠩᠭ᠎ᠠ ᠭᠠᠷᠤᠢ ᠤᠳᠠᠭ᠎ᠠ ᠪᠠᠶᠢᠴᠠᠭᠠᠵᠤ᠂ ᠡᠭᠦᠨ ᠳᠤ ᠪᠥᠭᠡᠮ ᠬᠦᠴᠢᠯ ᠢ ᠰᠢᠯᠭᠠᠨ ᠪᠠᠶᠢᠴᠠᠭᠠᠬᠤ | ᠤᠷᠪᠠᠯᠵᠢ ᠶᠢ ᠡᠵᠡᠩᠨᠡᠬᠦ ᠪᠠ ᠬᠡᠷᠡᠭᠯᠡᠬᠦ ᠨᠢᠭᠡᠴᠡ ᠶᠢ 51 ᠶᠢ ᠪᠠᠶᠢᠴᠠᠭᠠᠵᠤ᠂ ᠬᠠᠤᠯᠢ ᠶᠢ ᠵᠥᠷᠢᠴᠡᠭᠰᠡᠨ ᠰᠡᠵᠢᠭᠯᠡᠯᠲᠡᠢ | 2 ᠬᠡᠷᠡᠭ ᠤᠨ ᠰᠦᠪᠡᠭᠴᠢ ᠶᠢ ᠰᠢᠯᠵᠢᠭᠦᠯᠦᠨ ᠲᠤᠰᠢᠶᠠᠭᠰᠠᠨ ᠪᠠᠶᠢᠨ᠎ᠠ᠃ | 21. ᠬᠥᠲᠥᠯᠥᠭᠴᠢ | ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠮᠠᠨ ᠤ ᠣᠷᠣᠨ ᠤ ᠲᠥᠪ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤ ᠵᠦᠢᠯ᠂ ᠡᠮ ᠤᠨ ᠵᠦᠢᠯ᠂ ᠦᠨ᠎ᠡ ᠬᠠᠩᠰᠢ ᠵᠡᠷᠭᠡ | ᠲᠠᠯ᠎ᠠ ᠪᠠᠷ ᠦᠨᠡᠬᠡᠷ ᠮᠠᠰᠢ ᠣᠯᠠᠨ ᠠᠵᠢᠯ ᠬᠢᠵᠡᠢ᠂ ᠠᠳᠡ ᠪᠢ ᠪᠠᠰᠠ ᠰᠣᠨᠣᠰᠤᠭᠴᠢᠳ ᠪᠣᠯᠣᠨ ᠥᠷᠭᠡᠨ ᠣᠯᠠᠨ | ᠲᠦᠮᠡᠨ ᠤ ᠡᠮᠦᠨ᠎ᠡ ᠠᠴᠠ ᠲᠠ ᠨᠠᠷ ᠤᠨ ᠬᠠᠯᠠᠰᠢᠷᠠᠯ ᠦᠭᠡᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ | ᠃ ᠲᠣᠰ ᠤᠳᠠᠭᠠᠨ ᠤ ︽3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ | ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠳᠠᠭᠤᠰᠬᠤ ᠣᠶᠢᠷᠠᠲᠤᠯ᠎ᠠ᠂ ᠤᠳᠠᠯ ᠦᠭᠡᠢ ᠳᠠᠭᠤᠰᠬᠤ ᠭᠡᠵᠦ ᠪᠠᠶᠢᠭ᠎ᠠ | ᠦᠶ᠎ᠡ ᠳᠤ ᠮᠠᠨ ᠤ ᠦ᠋ ᠶᠦᠩ ᠾᠧᠦ ᠳᠠᠷᠤᠭ᠎ᠠ ᠠᠴᠠ ᠠᠴᠠ ᠲᠠᠷᠠᠭᠠᠴᠢ ᠶᠢᠨ ᠠᠯᠬᠤᠮ ᠤᠨ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ ᠤᠨ ᠲᠤᠬᠠᠢ ᠳᠠᠬᠢᠨᠲᠠ ᠲᠥᠬᠦᠮ ᠲᠠᠨᠢᠯᠴᠠᠭᠤᠯᠤᠭᠠᠳ | ᠥᠭᠬᠦ ᠶᠢ ᠬᠦᠰᠡᠵᠦ ᠪᠠᠶᠢᠨ᠎ᠠ᠃ | 22. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ | ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠥᠷᠭᠡᠨ ᠣᠯᠠᠨ ᠨᠠᠶᠢᠵᠠ ᠨᠠᠷ ᠤᠨ ᠬᠦᠯᠢᠴᠡᠩᠭᠦᠢ | ᠰᠣᠨᠣᠰᠤᠭᠰᠠᠨ ᠳᠤ ᠲᠠᠯᠠᠷᠬᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2022 ᠣᠨ ᠤ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠣᠨ ᠤ | ᠭᠤᠣᠯ ᠰᠡᠳᠦᠪ ᠢᠶᠠᠷ ᠭᠤᠣᠯ ᠱᠤᠭᠤᠮ ᠪᠣᠯᠭᠠᠵᠤ᠂ ᠬᠠᠤᠯᠢ ᠴᠠᠭᠠᠵᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠬᠡᠵᠦ᠂ ᠬᠡᠷᠡᠭᠯᠡᠭᠡᠨ ᠤ ᠡᠷᠬᠡ ᠶᠢ ᠬᠠᠮᠠᠭᠠᠯᠠᠬᠤ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠡᠷᠡᠭᠯᠡᠭᠡ | ᠡᠷᠬᠡ ᠲᠡᠭᠰᠢ ᠪᠠᠶᠢᠬᠤ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠬᠡᠷᠡᠭᠯᠡᠭᠡ ᠶᠢᠨ ᠡᠷᠬᠡ ᠲᠡᠭᠰᠢ ᠶᠢᠨ ᠰᠠᠭᠤᠷᠢ ᠶᠢ | ᠪᠠᠲᠤᠳᠬᠠᠵᠤ᠂ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ | ᠠᠵᠢᠯ ᠤᠨ ᠨᠡᠶᠢᠭᠡᠮ ᠤᠨ ᠣᠯᠠᠨ ᠨᠡᠶᠢᠲᠡ ᠶᠢᠨ ᠢᠳᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠰᠢᠨ᠎ᠡ ᠬᠥᠭᠵᠢᠯᠲᠡ ᠶᠢᠨ ᠱᠠᠲᠤᠨ ᠳᠠᠬᠢ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠥᠭᠵᠢᠯᠲᠡ ᠳᠤ | ᠬᠦᠴᠦᠨ ᠨᠡᠮᠡᠷᠢᠯᠡᠵᠦ᠂ ᠪᠦᠬᠦ ᠬᠤᠲᠠ ᠶᠢᠨ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡ ᠶᠢᠨ ᠣᠷᠴᠢᠨ ᠲᠣᠭᠤᠷᠢᠨ | ᠪᠠ ᠡᠷᠬᠡ ᠲᠡᠭᠰᠢ ᠡᠮᠬᠢ ᠳᠢᠭᠯᠢᠮ ᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃ | | 23.ᠬᠠᠮᠢᠶᠠᠷᠤᠭᠴᠢ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ ᠵᠧᠨ᠂ ᠢᠳᠡᠭᠡᠨ ᠤ ᠵᠦᠢᠯ ᠤᠨ ᠡᠵᠡᠩᠨᠡᠯᠲᠡ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ᠂ ᠪᠠᠴᠢᠮ ᠪᠠᠶᠢᠳᠠᠯ ᠢ | ᠠᠷᠭᠠᠴᠠᠵᠤ ᠵᠣᠬᠢᠴᠠᠭᠤᠯᠬᠤ ᠰᠠᠯᠠᠭᠠᠨ ᠤ ᠳᠡᠳ᠋ ᠳᠠᠷᠤᠭ᠎ᠠ ᠸᠠᠩ ᠵᠢᠩ ᠮᠢᠨ᠂ ᠡᠮᠴᠢᠯᠡᠭᠡᠨ ᠤ ᠪᠠᠭᠠᠵᠢ ᠬᠡᠷᠡᠭᠰᠡᠯ ᠢ | ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠸᠠᠩ ᠯᠢ ᠬᠤᠩ᠂ ᠦᠨ᠎ᠡ ᠬᠠᠩᠰᠢ ᠶᠢᠨ ᠬᠢᠨᠠᠯᠲᠠ | ᠪᠠᠶᠢᠴᠠᠭᠠᠯᠲᠠ ᠶᠢᠨ ᠰᠠᠯᠠᠭᠠᠨ ᠤ ᠯᠢ ᠵᠧ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠲᠠᠯᠪᠢᠵᠤ | ᠣᠷᠣᠯᠴᠠᠭᠰᠠᠨ ᠳᠤ ᠲᠠᠯᠠᠷᠬᠠᠯ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ | ᠪᠠᠶᠠᠷᠯᠠᠯ᠎ᠠ᠃ |