︽ᠬᠤᠣᠰ ᠲᠡᠷᠢᠭᠦᠨ︾ ᠡᠷᠡᠭᠦᠯ ᠮᠡᠨᠳᠦ ᠶᠢᠨ ᠠᠵᠢᠯᠯᠠᠭ᠎ᠠ ᠪᠠᠷ ᠣᠷᠣᠨ ᠤ ᠲᠥᠪ ᠤᠨ ᠬᠢᠲᠠᠳ ︵ᠮᠣᠩᠭᠤᠯ︶ ᠡᠮ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠰᠠᠯᠠᠭᠰᠠᠨ ᠳᠤᠮᠳᠠ ᠬᠤᠭᠤᠴᠠᠭᠠᠨ ᠤ ᠦᠷ᠎ᠡ ᠪᠦᠲᠦᠭᠡᠯ ᠢ ᠳᠡᠯᠭᠡᠨ ᠦᠵᠡᠭᠦᠯᠬᠦ ᠵᠢᠴᠢ ᠥᠪᠡᠷᠲᠡᠭᠡᠨ ᠵᠠᠰᠠᠬᠤ ᠣᠷᠣᠨ ᠤ ᠬᠢᠲᠠᠳ ︵ᠮᠣᠩᠭᠤᠯ︶ ᠡᠮ ᠡᠮᠨᠡᠯᠭᠡ ᠶᠢᠨ ︽ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠭᠡᠷ᠎ᠡ ᠲᠣᠭᠲᠠᠬᠤ ᠠᠬᠤᠢ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/8
ᠾᠧ ᠬᠠᠢ ᠳ᠋ᠦᠩ ᠪᠠᠶᠠᠷ ᠤᠨ ᠦᠭᠡ ᠬᠡᠯᠡᠵᠡᠢ      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 6 ᠤ ᠡᠳᠦᠷ᠂ ︽ᠬᠤᠣᠰ ᠲᠡᠷᠢᠭᠦᠨ︾ ᠡᠷᠡᠭᠦᠯ ᠮᠡᠨᠳᠦ ᠶᠢᠨ ᠠᠵᠢᠯᠯᠠᠭ᠎ᠠ ᠪᠠᠷ ᠣᠷᠣᠨ ᠤ ᠲᠥᠪ ᠤᠨ ᠬᠢᠲᠠᠳ ︵ᠮᠣᠩᠭᠤᠯ︶ ᠡᠮ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠰᠠᠯᠠᠭᠰᠠᠨ ᠳᠤᠮᠳᠠ ᠬᠤᠭᠤᠴᠠᠭᠠᠨ ᠤ ᠦᠷ᠎ᠡ ᠪᠦᠲᠦᠭᠡᠯ ᠢ ᠳᠡᠯᠭᠡᠨ ᠦᠵᠡᠭᠦᠯᠬᠦ ᠵᠢᠴᠢ ᠥᠪᠡᠷᠲᠡᠭᠡᠨ ᠵᠠᠰᠠᠬᠤ ᠣᠷᠣᠨ ᠤ ᠬᠢᠲᠠᠳ ︵ᠮᠣᠩᠭᠤᠯ︶ ᠡᠮ ᠡᠮᠨᠡᠯᠭᠡ ᠶᠢᠨ ︽ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠭᠡᠷ᠎ᠡ ᠲᠣᠭᠲᠠᠬᠤ ᠠᠬᠤᠢ ᠲᠠᠯᠠᠪᠠᠢ ᠶᠢᠨ ᠬᠤᠷᠠᠯ ᠮᠠᠨ ᠤ ᠬᠤᠲᠠ ᠳᠤ ᠬᠤᠷᠠᠯᠳᠤᠪᠠ᠃ ᠬᠤᠷᠠᠯ ᠳᠡᠭᠡᠷ᠎ᠡ ︽ᠬᠤᠣᠰ ᠲᠡᠷᠢᠭᠦᠨ︾ ᠡᠷᠡᠭᠦᠯ ᠮᠡᠨᠳᠦ ᠶᠢᠨ ᠠᠵᠢᠯᠯᠠᠭ᠎ᠠ ᠶᠢᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠤᠨ ᠫᠠᠶᠢᠰᠠ ᠰᠡᠬᠦᠵᠦ᠂ ᠦᠯᠢᠭᠡᠷ ᠳᠠᠭᠤᠷᠢᠶᠠᠯ ᠤᠨ ᠴᠢᠨᠠᠷᠲᠠᠢ ᠬᠥᠮᠥᠨ ᠳᠤ ᠱᠠᠩᠨᠠᠯ ᠣᠯᠭᠤᠵᠤ᠂ ᠪᠠᠷᠢᠮᠵᠢᠶ᠎ᠠ ᠶᠢᠨ ᠴᠢᠨᠠᠷᠲᠠᠢ ᠠᠵᠢᠯᠯᠠᠭ᠎ᠠ ᠶᠢ ᠥᠷᠭᠡᠳᠬᠡᠬᠦ ᠭᠡᠷ᠎ᠡ ᠲᠣᠭᠲᠠᠭᠰᠠᠨ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ︽ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠡᠬᠢᠯᠡᠭᠦᠯᠬᠦ ᠭᠡᠷ᠎ᠡ ᠲᠣᠭᠲᠠᠪᠠ᠃      ᠪᠡᠭᠡᠵᠢᠩ ᠬᠤᠳᠠ ᠶᠢᠨ ᠬᠢᠲᠠᠳ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠲᠤ ᡁᠢ ᠲᠤᠤ ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠵᠢᠴᠢ ᠪᠡᠭᠡᠵᠢᠩ ᠬᠤᠳᠠ ᠶᠢᠨ ᠬᠢᠲᠠᠳ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃      ᠾᠧ ᠬᠠᠢ ᠳ᠋ᠦᠩ ᠪᠠᠶᠠᠷ ᠤᠨ ᠦᠭᠡᠨ ᠳᠡᠭᠡᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠠᠵᠢᠯᠯᠠᠭ᠎ᠠ ᠳᠤ ᠣᠷᠣᠯᠴᠠᠭᠰᠠᠨ ᠵᠣᠴᠢᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠣᠷᠳᠣ ᠬᠤᠭᠤᠴᠠᠭᠠᠨ ᠤ ᠲᠤᠷᠰᠢ ᠣᠷᠣᠨ ᠤ ᠲᠥᠪ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠳᠤ ᠬᠦᠴᠦᠲᠡᠢ ᠳᠡᠮᠵᠢᠯᠭᠡ ᠬᠠᠪᠰᠤᠷᠤᠯᠭ᠎ᠠ ᠦᠵᠡᠭᠦᠯᠦᠭᠰᠡᠨ ᠪᠡᠭᠡᠵᠢᠩ ᠬᠤᠲᠠ ᠶᠢᠨ ᠬᠢᠲᠠᠳ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠵᠢᠯ ᠲᠥᠷᠥᠯ ᠤᠨ ᠬᠤᠷᠰᠢᠭᠰᠠᠨ ᠡᠮᠨᠡᠯᠭᠡ ᠶᠢᠨ ᠪᠠᠶᠢᠭᠤᠯᠤᠮᠵᠢ ᠵᠢᠴᠢ ᠲᠤᠰᠬᠠᠢ ᠮᠡᠷᠭᠡᠵᠢᠯᠲᠡᠨ ᠫᠷᠣᠹᠧᠰᠰᠣᠷ ᠨᠠᠷ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠶᠠᠭ ᠪᠦᠬᠦ ᠬᠦᠴᠦᠨ ᠢᠶᠠᠷ ᠢᠶᠠᠨ ᠣᠷᠣᠨ ᠪᠦᠰᠡ ᠶᠢᠨ ᠡᠮ ᠡᠮᠨᠡᠯᠭᠡ ᠶᠢᠨ ᠲᠥᠪ ᠢ ᠪᠠᠶᠢᠭᠤᠯᠵᠤ ᠪᠠᠶᠢᠨ᠎ᠠ᠂ ᠣᠷᠣᠨ ᠤ ᠲᠥᠪ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠲᠠᠪᠰᠢᠯᠳᠠ ᠨᠢ ᠨᠡᠶᠢᠰᠯᠡᠯ ᠤᠨ ᠳᠡᠮᠵᠢᠯᠭᠡ ᠲᠠᠶᠢᠴᠢᠯᠠᠯ ᠠᠴᠠ ᠰᠠᠯᠵᠤ ᠴᠢᠳᠠᠬᠤ ᠦᠭᠡᠢ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠴᠣ᠋ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃      ᠣᠶᠢᠯᠠᠭᠠᠭᠰᠠᠨ ᠢᠶᠠᠷ᠂ ︽ᠬᠤᠣᠰ ᠲᠡᠷᠢᠭᠦᠨ︾ ᠡᠷᠡᠭᠦᠯ ᠮᠡᠨᠳᠦ ᠶᠢᠨ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠪᠡᠭᠡᠵᠢᠩ ᠬᠤᠲᠠ ᠶᠢᠨ 18 ᠡᠮᠨᠡᠯᠭᠡ ᠶᠢᠨ ᠬᠤᠷᠢᠶᠠᠨ ᠤ ᠰᠢᠯᠢᠳᠡᠭ ᠠᠵᠢᠯ ᠤᠨ ᠪᠦᠯᠬᠦᠮ ᠪᠣᠯᠣᠨ ᠲᠥᠪ ᠬᠤᠲᠠ ︽ᠨᠢᠭᠡ ᠳᠤ ᠨᠢᠭᠡ︾ ᠬᠠᠮᠲᠤᠷᠠᠨ ᠲᠡᠳᠬᠦᠬᠦ ᠲᠣᠭᠲᠠᠴᠠ ᠶᠢ ᠪᠠᠶᠢᠭᠤᠯᠵᠤ᠂ ᠲᠠᠪᠤᠨ ᠶᠡᠭᠡ ᠲᠦᠷᠦᠯ ᠤᠨ 35 ᠬᠠᠮᠲᠤᠷᠠᠯᠴᠠᠭᠠᠨ ᠤ ᠲᠥᠰᠥᠯ ᠢ ᠬᠡᠷᠡᠭᠵᠢᠭᠦᠯᠵᠦ᠂ ᠡᠷᠳᠡᠮ ᠰᠢᠨᠵᠢᠯᠡᠭᠡᠨ ᠤ ᠲᠠᠶᠢᠯᠤᠮᠵᠢ ᠶᠢ ᠨᠡᠶᠢᠳᠡ 662 ᠤᠳᠠᠭ᠎ᠠ ᠡᠷᠬᠢᠯᠡᠵᠦ᠂ ᠲᠤᠰᠬᠠᠢ ᠮᠡᠷᠭᠡᠵᠢᠯᠲᠡᠨ ᠠᠴᠠ 361 ᠤᠳᠠᠭ᠎ᠠ ᠬᠠᠮᠲᠤᠷᠠᠨ ᠣᠨᠣᠰᠢᠯᠠᠵᠤ᠂ ᠰᠢᠨ᠎ᠡ ᠲᠤᠬᠠᠶᠢᠯᠠᠭᠰᠠᠨ ᠠᠵᠢᠯ ᠰᠢᠨ᠎ᠡ ᠮᠡᠷᠭᠡᠵᠢᠯ 21 ᠶᠢ ᠥᠷᠨᠢᠭᠦᠯᠵᠦ᠂ ᠬᠠᠮᠲᠤᠪᠠᠷ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠣᠷᠣᠨ ᠪᠦᠰᠡ ᠶᠢᠨ ᠤᠨᠲᠠᠭᠤᠯᠬᠤ ᠠᠨᠠᠭᠠᠬᠤ ᠤᠬᠠᠭᠠᠨ ᠤ ᠲᠥᠪ︾᠂ ︽ᠤᠯᠤᠰ ᠤᠨ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠲᠠᠳ ᠡᠮᠨᠡᠯᠭᠡ ᠶᠢᠨ ᠡᠯᠢᠭᠡᠨ ᠡᠪᠡᠳᠴᠢᠨ ᠤ ᠰᠠᠯᠠᠭᠠᠨ ᠤ ᠬᠤᠪᠢᠶᠠᠷᠢ ᠲᠥᠪ︾ ᠵᠡᠷᠭᠡ ᠨᠢᠭᠡ ᠪᠦᠯᠦᠭ ᠲᠤᠷᠰᠢᠯᠲᠠ ᠶᠢᠨ ᠲᠦᠷᠦᠯ ᠵᠦᠢᠯ ᠢ ᠪᠠᠶᠢᠭᠤᠯᠪᠠ᠃      ᠬᠤᠲᠠ ᠶᠢᠨ ᠳᠡᠳ᠋ ᠳᠠᠷᠤᠭ᠎ᠠ ᠵᠢᠶᠣᠣ ᠬᠤᠩ ᠵᠢᠴᠢ ᠣᠷᠣᠨ ᠬᠤᠲᠠ ᠰᠢᠶᠠᠨ ᠭᠤᠷᠪᠠᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠰᠲ᠋ᠧᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号