2023 ᠣᠨ ᠤ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠬᠥᠮᠥᠷᠭᠡ ᠳᠤ ᠣᠷᠣᠭᠤᠯᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2023/5/8
     ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠵᠢᠶᠠ ᠿᠦᠢ ᠱᠧᠩ  ᠹᠧᠩ ᠲᠤᠤ︶ 5 ᠳ᠋ᠤᠭᠠᠷ ᠰᠠᠷ᠎ᠠ ᠶᠢᠨ 4 ᠤ ᠡᠳᠦᠷ᠂ ᠮᠠᠨ ᠤ ᠬᠤᠲᠠ ᠪᠦᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ ᠡᠩ ᠲᠡᠷᠢᠭᠦᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠬᠥᠮᠥᠷᠭᠡ ᠳᠤ ᠣᠷᠣᠭᠤᠯᠬᠤ ᠠᠵᠢᠯ ᠢ ᠡᠬᠢᠯᠡᠭᠦᠯᠵᠦ᠂ ᠡᠭᠦᠨ ᠢᠶᠠᠷ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠰᠢᠯᠢᠳᠡᠭᠵᠢᠭᠦᠯᠵᠦ᠂ ᠬᠦᠴᠦᠷᠬᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠡᠷᠴᠢᠮᠵᠢᠨ ᠰᠢᠨ᠎ᠡ ᠶᠢ ᠡᠭᠦᠳᠬᠦ᠂ ᠲᠠᠪᠴᠠᠩ ᠢ ᠵᠣᠬᠢᠶᠠᠨ ᠪᠠᠶᠢᠭᠤᠯᠬᠤ ᠳᠠᠪᠠᠭᠤᠯᠢᠭ ᠢ ᠲᠠᠰᠤᠷᠠᠯᠲᠠ ᠦᠭᠡᠢ ᠪᠠᠳᠠᠷᠠᠭᠤᠯᠤᠨ᠂ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠠᠴᠠ ᠠᠵᠤ ᠠᠬᠤᠶᠢᠯᠠᠯ ᠬᠦᠴᠦᠷᠬᠡᠭᠵᠢᠬᠦ᠂ ᠠᠵᠤ ᠦᠢᠯᠡᠰ ᠬᠦᠴᠦᠷᠬᠡᠭᠵᠢᠬᠦ᠂ ᠠᠵᠤ ᠠᠬᠤᠢ ᠬᠦᠴᠦᠷᠬᠡᠭᠵᠢᠬᠦ ᠵᠠᠮ ᠢ ᠨᠠᠪᠲᠠᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠪᠥᠬᠦ ᠬᠤᠲᠠ ᠶᠢᠨ ᠬᠡᠪᠴᠢᠶᠡᠨ ᠳᠠᠬᠢ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠬᠠᠷᠢᠶ᠎ᠠ ᠣᠷᠣᠨ ᠤ ᠪᠠᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ ᠪᠣᠯᠣᠨ᠎ᠠ᠃      ︽2023 ᠣᠨ ᠤ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠬᠥᠮᠥᠷᠭᠡ ᠳᠤ ᠣᠷᠣᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠡᠳᠡᠭᠦᠯᠬᠦ ᠠᠵᠤ ᠠᠬᠤᠶᠢᠯᠠᠯ ᠨᠢ ︽ᠬᠥᠬᠡᠬᠤᠲᠠ ᠶᠢᠨ ᠬᠡᠪᠴᠢᠶᠡᠨ ᠳᠣᠲᠣᠷ᠎ᠠ ᠬᠠᠤᠯᠢ ᠶᠣᠰᠣᠭᠠᠷ ᠪᠠᠶᠢᠭᠤᠯᠤᠭᠰᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠮᠥᠷᠲᠡᠭᠡᠨ ᠬᠦᠴᠦᠨ ᠲᠠᠢ ᠬᠤᠭᠤᠴᠠᠭᠠᠨ ᠳᠠᠭᠠᠨ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ︾ ︽ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ︵ᠪᠠᠭᠲᠠᠨ᠎ᠠ︶ ᠬᠦᠷᠦᠭᠰᠡᠨ︾ ︽ᠳᠡᠭᠡᠷ᠎ᠡ ᠨᠢᠭᠡ ᠵᠢᠯ ᠤᠨ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠢ ᠲᠤᠭ᠎ᠠ ᠠᠳᠠᠯᠢ ᠬᠤᠭᠤᠴᠠᠭᠠᠨ ᠤ ᠪᠣᠷᠣᠯᠠᠭᠤᠯᠤᠯᠲᠠ ᠶᠢᠨ ᠣᠷᠣᠯᠭ᠎ᠠ ᠶᠢᠨ ᠶᠡᠷᠦᠩᠬᠡᠢ ᠲᠤᠭ᠎ᠠ ᠳᠤ ᠡᠵᠡᠯᠡᠬᠦ ᠬᠠᠷᠢᠴᠠᠯ  ᠨᠢ 3% ᠠᠴᠠ ᠳᠡᠭᠡᠭᠰᠢ ᠬᠦᠷᠦᠭᠰᠡᠨ︾ ᠵᠡᠷᠭᠡ ᠵᠢᠷᠭᠤᠭᠠᠨ ᠵᠦᠢᠯ ᠤᠨ ᠨᠥᠬᠦᠴᠡᠯ ᠢ ᠬᠠᠩᠭᠠᠬᠤ ᠬᠡᠷᠡᠭᠲᠡᠢ᠃ ᠠᠵᠤ ᠠᠬᠤᠶᠢᠯᠠᠯ ᠭᠤᠶᠤᠴᠢᠯᠠᠬᠤ᠂ ᠠᠩᠬᠠᠨ ᠤ ᠬᠢᠨᠠᠯᠲᠠ ᠪᠠᠷ ᠲᠠᠨᠢᠯᠴᠠᠭᠤᠯᠬᠤ᠂ ᠬᠢᠨᠠᠨ ᠪᠠᠶᠢᠴᠠᠭᠠᠵᠤ ᠨᠤᠲᠠᠯᠠᠬᠤ᠂ ᠢᠯᠡ ᠵᠠᠷᠯᠠᠵᠤ ᠬᠥᠮᠥᠷᠭᠡ ᠳᠤ ᠣᠷᠣᠭᠤᠯᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠨ ᠬᠥᠮᠥᠷᠭᠡ ᠳᠤ ᠣᠷᠣᠭᠤᠯᠬᠤ ᠨᠡᠷᠡᠰ ᠢ ᠬᠠᠮᠤᠭ ᠡᠴᠦᠰ ᠲᠤ ᠲᠣᠭᠲᠠᠭᠠᠨ᠎ᠠ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠯ᠎ᠡ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠪᠢᠴᠢᠭ ᠮᠠᠲ᠋ᠧᠷᠢᠶᠠᠯ᠂ ᠲᠠᠨᠢᠯᠴᠠᠭᠤᠯᠤᠭᠰᠠᠨ ᠠᠵᠤ ᠠᠬᠤᠶᠢᠯᠠᠯ ᠤᠨ ᠬᠤᠷᠢᠶᠠᠩᠭᠤᠢ ᠬᠦᠰᠦᠨᠦᠭᠲᠦ ᠵᠢᠴᠢ ᠠᠵᠤ ᠠᠬᠤᠶᠢᠯᠠᠯ ᠤᠨ ᠭᠤᠶᠤᠴᠢᠯᠠᠯ ᠤᠨ ᠬᠦᠰᠦᠨᠦᠭᠲᠦ ᠶᠢ ᠭᠥᠯᠢᠶᠡᠨ ᠠᠪᠤᠨ᠎ᠠ᠂ ᠲᠣᠰ ᠤᠳᠠᠭᠠᠨ ᠤ ᠡᠯᠰᠡᠬᠦ ᠬᠤᠭᠤᠴᠠᠭ᠎ᠠ  ᠨᠢ 5 ᠳ᠋ᠤᠭᠠᠷ ᠰᠠᠷ᠎ᠠ ᠶᠢᠨ 25 ᠤ ᠡᠳᠦᠷ ᠬᠦᠷᠦᠨ᠎ᠡ᠃      2022 ᠣᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠦᠨᠡᠮᠰᠢᠬᠦ ᠠᠵᠢᠯ ᠢ ᠠᠩᠬ᠎ᠠ ᠤᠳᠠᠭ᠎ᠠ ᠥᠷᠨᠢᠭᠦᠯᠵᠦ᠂ ᠮᠠᠨ ᠤ ᠬᠤᠲᠠ ᠶᠢᠨ 5 ᠠᠵᠤ ᠠᠬᠤᠶᠢᠯᠠᠯ ᠰᠣᠩᠭᠤᠭᠳᠠᠵᠤ᠂ ᠲᠤᠭ᠎ᠠ ᠪᠠᠷ ᠪᠥᠬᠦ ᠣᠷᠣᠨ ᠤ ᠲᠡᠷᠢᠭᠦᠯᠡᠪᠡ᠃ ᠲᠣᠰ ᠤᠳᠠᠭ᠎ᠠ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠬᠥᠮᠥᠷᠭᠡ ᠳᠤ ᠣᠷᠣᠭᠤᠯᠬᠤ ᠠᠵᠢᠯ ᠢ ᠥᠷᠨᠢᠭᠦᠯᠬᠦ ᠳᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠵᠤ᠂ ᠳᠤᠮᠳᠠ ᠬᠤᠭᠤᠴᠠᠭᠠᠨ ᠤ ᠬᠢᠨᠠᠨ ᠬᠡᠮᠵᠢᠬᠦ᠂ ᠣᠨ ᠤ ᠦᠨᠡᠯᠡᠨ ᠵᠢᠱᠢᠬᠦ ᠠᠷᠭ᠎ᠠ ᠮᠠᠶ᠋ᠢᠭ ᠢ ᠬᠡᠷᠡᠭᠯᠡᠨ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠵᠤ᠂ 2025 ᠣᠨ ᠪᠣᠯᠬᠤ ᠳᠤ ᠪᠥᠬᠦ ᠬᠤᠲᠠ ᠶᠢᠨ ᠬᠥᠮᠥᠷᠭᠡ ᠳᠤ ᠣᠷᠣᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 50 ᠠᠴᠠ ᠳᠡᠭᠡᠭᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 15 ᠠᠴᠠ ᠳᠡᠭᠡᠭᠰᠢ ᠪᠣᠶᠢᠵᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号