ᠮᠠᠨ ᠤ ᠬᠤᠲᠠ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠪᠦᠯᠦᠭ ᠤᠳᠠᠭ᠎ᠠ ᠬᠤᠪᠢᠶᠠᠨ ᠡᠮᠬᠢ ᠵᠢᠷᠤᠮ ᠲᠠᠢ ᠪᠠᠷ ᠨᠡᠶᠢᠭᠡᠮ ᠨᠡᠶᠢᠲᠡ ᠳᠤ ᠨᠡᠭᠡᠭᠡᠨ᠎ᠡ
ᠨᠡᠶᠢᠲᠡᠯᠡᠭᠰᠡᠨ ᠴᠠᠭ᠄
2023/5/9
      ︵ᠰᠤᠷᠪᠤᠯᠵᠢᠯᠠᠭᠴᠢ ᠮᠢᠶᠣᠣ ᠴᠢᠩ︶ 5 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ︽︿ᠡᠷᠡᠭᠦᠯ ᠡᠩᠬᠡ ᠳᠤᠮᠳᠠᠳᠤ ᠤᠯᠤᠰ 2030﹀ ᠤᠨ ᠲᠥᠯᠦᠪᠵᠢᠭᠦᠯᠭᠡ ᠶᠢᠨ ᠬᠥᠲᠥᠯᠪᠦᠷᠢ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠤ ᠣᠶᠢᠷ᠎ᠠ ᠬᠠᠪᠢ ᠳᠠᠭᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ᠮᠠᠨ ᠤ ᠬᠤᠲᠠ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠪᠦᠯᠦᠭ ᠤᠳᠠᠭ᠎ᠠ ᠬᠤᠪᠢᠶᠠᠨ ᠨᠡᠶᠢᠭᠡᠮ ᠨᠡᠶᠢᠲᠡ ᠳᠤ ᠨᠡᠭᠡᠭᠡᠨ᠎ᠡ᠃      5 ᠳ᠋ᠤᠭᠠᠷ ᠰᠠᠷ᠎ᠠ ᠶᠢᠨ 13 ᠤ ᠡᠳᠦᠷ᠂ ᠨᠢᠭᠡᠳᠦᠭᠡᠷ ᠪᠦᠯᠦᠭ ᠤᠨ 126 ᠰᠤᠷᠭᠠᠭᠤᠯᠢ ᠨᠡᠶᠢᠭᠡᠮ ᠳᠤ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠪᠠᠨ ᠨᠡᠭᠡᠭᠡᠬᠦ ᠪᠣᠯᠣᠨ᠎ᠠ᠂ ᠡᠭᠦᠨ ᠳᠤ᠄ ᠰᠢᠨ᠎ᠡ ᠬᠤᠲᠠ ᠲᠣᠭᠤᠷᠢᠭ ᠤᠨ ᠰᠢᠨᠬᠤᠸᠠ ᠪᠠᠭ᠎ᠠ ᠰᠤᠷᠭᠠᠭᠤᠯᠢ᠂ ᠲᠦᠮᠡᠳ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ︵ᠬᠥᠯᠥᠨ ᠰᠤᠷᠭᠠᠭᠤᠯᠢ ᠶᠢᠨ ᠲᠣᠭᠤᠷᠢᠭ︶ ᠵᠡᠷᠭᠡ 29 ᠰᠤᠷᠭᠠᠭᠤᠯᠢ︔ ᠬᠤᠲᠤᠩ ᠠᠷᠠᠳ ᠤᠨ ᠲᠣᠭᠤᠷᠢᠭ ᠤᠨ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ᠂ ᠲᠠᠶᠢᠫᠢᠩ ᠵᠡᠭᠡᠯᠢ ᠶᠢᠨ ᠪᠠᠭ᠎ᠠ ᠰᠤᠷᠭᠠᠭᠤᠯᠢ ᠵᠡᠷᠭᠡ 4 ᠰᠤᠷᠭᠠᠭᠤᠯᠢ︔ ᠢᠦᠢ ᠴᠢᠦᠸᠠᠨ ᠲᠣᠭᠤᠷᠢᠭ ᠤᠨ ᠾᠧᠩ ᠴᠠᠩ ᠳ᠋ᠢᠶᠠᠨ ᠰᠢᠶᠠᠩ ᠪᠠᠭ᠎ᠠ ᠰᠤᠷᠭᠠᠭᠤᠯᠢ ᠶᠢᠨ ᠦ᠋ ᠯᠢ ᠶᠢᠩ ᠰᠤᠷᠭᠠᠭᠤᠯᠢ ᠶᠢᠨ ᠲᠣᠭᠤᠷᠢᠭ᠂ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ᠂ ᠲᠠᠪᠤᠨ ᠰᠤᠪᠤᠷᠭ᠎ᠠ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠵᠡᠷᠭᠡ 6 ᠰᠤᠷᠭᠠᠭᠤᠯᠢ︔ ᠰᠠᠶᠢᠬᠠᠨ ᠲᠣᠭᠤᠷᠢᠭ ᠤᠨ ᠬᠥᠬᠡᠬᠤᠲᠠ ᠶᠢᠨ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠤᠷᠭᠠᠭᠤᠯᠢ᠂ ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠬᠤᠷᠢᠨ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ 38 ᠰᠤᠷᠭᠠᠭᠤᠯᠢ︔ ᠬᠤᠷᠢᠨᠭᠡᠷ ᠰᠢᠶᠠᠨ ᠤ ᠬᠤᠷᠢᠨᠭᠡᠷ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ᠂ ᠬᠤᠷᠢᠨᠭᠡᠷ ᠰᠢᠶᠠᠨ ᠤ ᠲᠠᠪᠤᠳᠤᠭᠠᠷ ᠪᠠᠭ᠎ᠠ ᠰᠤᠷᠭᠠᠭᠤᠯᠢ 2 ᠰᠤᠷᠭᠠᠭᠤᠯᠢ︔ ᠴᠢᠩ ᠱᠦᠢ ᠾᠧ ᠰᠢᠶᠠᠨ ᠤ ᠴᠢᠩ ᠱᠦᠢ ᠾᠧ ᠰᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠴᠢᠩ ᠱᠦᠢ ᠾᠧ ᠰᠢᠶᠠᠨ ᠤ ᠨᠢᠭᠡᠳᠦᠭᠡᠷ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠴᠢᠩ ᠱᠦᠢ ᠾᠧ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ 4 ᠰᠤᠷᠭᠠᠭᠤᠯᠢ︔ ᠲᠣᠭᠲᠠᠬᠤ ᠰᠢᠶᠠᠨ ᠤ ᠲᠣᠭᠲᠠᠬᠤ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠲᠣᠭᠲᠠᠬᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ᠂ ᠲᠣᠭᠲᠠᠬᠤ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠵᠡᠷᠭᠡ 12 ᠰᠤᠷᠭᠠᠭᠤᠯᠢ᠃ ᠲᠦᠮᠡᠳ ᠵᠡᠭᠦᠨ ᠬᠤᠰᠢᠭᠤᠨ ᠤ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠲᠦᠮᠡᠳ ᠵᠡᠭᠦᠨ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ᠂ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠪᠠᠭ᠎ᠠ ᠰᠤᠷᠭᠠᠭᠤᠯᠢ ᠵᠡᠷᠭᠡ 28 ᠰᠤᠷᠭᠠᠭᠤᠯᠢ︔ ᠦᠴᠦᠸᠠᠨ ᠰᠢᠶᠠᠨ ᠤ ᠦᠴᠦᠸᠠᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ᠂ ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠵᠡᠷᠭᠡ 3 ᠰᠤᠷᠭᠠᠭᠤᠯᠢ ᠪᠠᠭᠲᠠᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号