4 ᠰᠠᠷ᠎ᠠ ᠶᠢᠨ 22 ᠤᠨ ᠡᠳᠦᠷ᠂ ᠵᠢᠶᠠᠩᠰᠤ ᠮᠤᠵᠢ ᠶᠢᠨ ᠰᠦᠵᠸᠦ ᠬᠤᠲᠠ ᠳᠤ ᠶᠠᠪᠤᠭᠳᠠᠭᠰᠠᠨ ︽ᠬᠥᠳᠡᠭᠡ | ᠠᠵᠤ ᠠᠬᠤᠢ ᠶᠢᠨ ᠰᠣᠶᠣᠯ ᠤᠨ ᠥᠪ ᠤᠨ ᠰᠠᠶᠢᠨ ᠪᠦᠲᠦᠭᠡᠭᠳᠡᠬᠦᠨ︾ ᠲᠦᠷᠦᠯ ᠲᠡᠮᠳᠡᠭ ᠤᠨ ᠦᠪᠡᠳᠡᠭᠰᠢ | ᠶᠣᠰᠣᠯᠠᠯ ᠳᠡᠭᠡᠷ᠎ᠡ ᠠᠤᠬᠠᠨ ᠤ ᠨᠠᠷᠢᠮᠤ ︽ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ ᠰᠠᠶᠢᠨ | ᠪᠦᠲᠦᠭᠡᠭᠳᠡᠬᠦᠨ︾ ᠤ ᠠᠷᠪᠠᠨ ᠰᠢᠯᠢᠳᠡᠭ ᠲᠦᠷᠦᠯ ᠲᠡᠮᠳᠡᠭ ᠤᠨ ᠨᠢᠭᠡ ᠪᠠᠷ ᠰᠣᠩᠭᠤᠭᠳᠠᠪᠠ᠃ | ᠠᠤᠬᠠᠨ ᠬᠤᠰᠢᠭᠤ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠯᠢᠶᠤᠤ ᠾᠧ ᠭᠤᠣᠯ ᠤᠨ ᠪᠠᠷᠠᠭᠤᠨ ᠬᠡᠰᠡᠭ | ᠲᠠᠬᠢ ᠨᠠᠷᠢᠮᠤ ᠶᠢᠨ ᠤᠷᠭᠤᠯᠲᠠ ᠳᠤ ᠬᠠᠮᠤᠭ ᠤᠨ ᠲᠣᠬᠢᠷᠠᠮᠵᠢᠲᠠᠢ ᠰᠢᠵᠢᠷ ᠠᠯᠲᠠᠨ ᠪᠦᠰᠡ ᠳᠤ ᠣᠷᠣᠰᠢᠵᠤ᠂ ᠪᠦᠭᠦ | ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠰᠢᠶᠠᠨ᠂ ᠤᠯᠤᠰ ᠤᠨ ᠲᠠᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠪᠤᠯᠬᠤ ᠶᠤᠮ᠃ ᠣᠶᠢᠷ᠎ᠠ ᠶᠢᠨ ᠵᠢᠯ ᠠᠴᠠ ᠨᠠᠭᠠᠰᠢ᠂ ᠠᠤᠬᠠᠨ | ᠬᠤᠰᠢᠭᠤ ᠠᠮᠢ ᠠᠬᠤᠢ ᠣᠷᠴᠢᠨ ᠲᠣᠭᠤᠷᠢᠨ ᠤ ︽ᠪᠦᠭᠦ ᠪᠥᠮᠪᠥᠷᠴᠡᠭ ᠤᠨ 500 ᠰᠣᠳᠣᠨ︾᠂ ︽ᠪᠦᠭᠦ ᠪᠥᠮᠪᠥᠷᠴᠡᠭ | ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ ᠭᠠᠵᠠᠷ︾᠂ ︽ᠳᠡᠯᠡᠬᠡᠢ ᠶᠢᠨ ᠨᠠᠷᠢᠮᠤ ᠶᠢᠨ | ᠨᠤᠲᠤᠭ︾ ᠵᠡᠷᠭᠡ ᠳᠡᠯᠡᠬᠡᠢ ᠶᠢᠨ ᠲᠡᠰ ᠤᠨ ᠭᠤᠷᠪᠠᠨ ᠰᠢᠵᠢᠷ ᠠᠯᠳᠠᠨ ᠨᠡᠷ᠎ᠡ ᠶᠢᠨ ᠬᠠᠭᠤᠳᠠᠰᠤ ᠳᠠᠭᠠᠨ ᠲᠦᠰᠢᠭᠯᠡᠨ | ᠡᠯᠳᠡᠪ ᠠᠮᠤ ᠪᠤᠷᠴᠠᠭ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ︽ᠠᠤᠬᠠᠨ ᠤ ᠨᠠᠷᠢᠮᠤ︾ ᠶᠢᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠴᠣᠭᠴᠠᠯᠠᠨ᠂ ᠠᠤᠬᠠᠨ ᠤ ᠨᠠᠷᠢᠮᠤ ᠶᠢᠨ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠪᠡᠶᠡᠯᠡᠭᠦᠯᠵᠦ᠂ ᠨᠠᠷᠢᠮᠤ ᠶᠢᠨ ᠠᠵᠤ ᠦᠢᠯᠡᠰ ᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠯᠠᠬᠤ ᠠᠵᠤ ᠦᠢᠯᠡᠰ ᠪᠤᠯᠭᠠᠬᠰᠠᠨ ᠠᠵᠢ᠃ | ᠠᠤᠬᠠᠨ ᠤ ᠨᠠᠷᠢᠮᠤ᠂ 2013 ᠣᠨ ᠳᠤ ︽ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠲᠦ ᠬᠠᠮᠠᠭᠠᠯᠠᠯᠲᠠ | ᠶᠢᠨ ᠪᠦᠲᠦᠭᠡᠭᠳᠡᠬᠦᠨ︾ ᠢᠶᠠᠷ ᠪᠦᠷᠢᠳᠬᠡᠭᠳᠡᠵᠦ᠂ 2015 ᠣᠨ ᠳᠤ ︽ᠪᠦᠭᠦ ᠤᠯᠤᠰ ᠤᠨ ᠨᠠᠷᠠᠲᠤ ᠣᠨᠴᠠ | ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠴᠠᠭ︾ ᠲᠤ ᠰᠣᠩᠭᠤᠬᠳᠠᠪᠠ; 2019 ᠣᠨ ᠳᠤ | ᠳᠤᠮᠳᠠᠳᠤ ᠤᠯᠤᠰ ᠤᠨ ᠲᠠᠷᠢᠶᠠᠯᠠᠩ ᠤᠨ ᠲᠦᠷᠦᠯ ᠲᠡᠮᠳᠡᠭ ᠤᠨ ᠭᠠᠷᠴᠠᠭ ᠤᠨ ᠲᠠᠷᠢᠶᠠᠯᠠᠩ ᠤᠨ ᠪᠦᠲᠦᠭᠡᠭᠳᠡᠬᠦᠨ ᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢᠶᠠᠷ ᠰᠣᠩᠭᠤᠭᠳᠠᠵᠤ᠂ ᠵᠠᠬ᠎ᠠ ᠳᠡᠯᠭᠡᠭᠦᠷ ᠤᠨ | ᠥᠷᠲᠡᠭ ᠨᠢ 113.5 ᠳ᠋ᠦᠩᠰᠢᠭᠤᠷ ᠲᠥᠭᠦᠷᠢᠭ ᠲᠤ ᠭᠦᠷᠴᠡᠶ; 2021 ᠣᠨ ᠳᠤ ᠰᠢᠨᠬᠤᠸᠠ ᠬᠤᠷᠢᠶ᠎ᠠ ᠶᠢᠨ | ᠦᠨᠳᠦᠰᠦᠲᠡᠨ ᠤ ᠲᠦᠷᠦᠯ ᠲᠡᠮᠳᠡᠭ ᠤᠨ ᠢᠨᠵᠧᠨᠧᠷᠢᠩ ᠢᠶᠠᠷ ᠰᠣᠩᠭᠤᠭᠳᠠᠵᠤ᠂ 2023 ᠣᠨ ᠳᠤ ︽ᠬᠥᠳᠡᠭᠡ | ᠠᠵᠤ ᠠᠬᠤᠢ ᠶᠢᠨ ᠰᠣᠶᠣᠯ ᠤᠨ ᠥᠪ ᠤᠨ ᠰᠠᠶᠢᠨ ᠪᠦᠲᠦᠭᠡᠭᠳᠡᠬᠦᠨ︾ ᠤ ᠠᠷᠪᠠᠨ ᠰᠢᠯᠢᠳᠡᠭ ᠲᠦᠷᠦᠯ ᠲᠡᠮᠳᠡᠭ ᠢᠶᠠᠷ | ᠦᠨᠡᠯᠡᠭᠳᠡᠪᠡ᠃ ᠤᠳᠤ ᠠᠤᠬᠠᠨ ᠤ ᠨᠠᠷᠢᠮᠤ ᠤᠨᠠᠯᠳᠠ ᠶᠢᠨ ᠬᠡᠮᠵᠢᠶ᠎ᠡ ᠪᠠ ᠶᠠᠰᠤ ᠴᠢᠨᠠᠷ ᠤᠨ ᠬᠤᠣᠰ ᠦᠰᠦᠷᠦᠯᠲᠡ ᠶᠢ | ᠪᠡᠶᠡᠯᠡᠭᠦᠯᠵᠦ᠂ ᠵᠢᠯ ᠤᠨ ᠴᠢᠨᠠᠷ ᠰᠠᠶᠢᠲᠠᠢ ᠨᠠᠷᠢᠮᠤ ᠶᠢᠨ ᠤᠨᠠᠯᠳᠠ ᠨᠢ 5 ᠳ᠋ᠦᠩᠰᠢᠭᠤᠷ ᠵᠢᠩ ᠳᠤ ᠬᠦᠷᠴᠦ᠂ ᠪᠦᠭᠦ | ᠤᠯᠤᠰ ᠤᠨ 5% ᠶᠢ ᠡᠵᠡᠯᠡᠵᠦ ᠪᠠᠶᠢᠨ᠎ᠠ᠃ | ᠠᠤᠬᠠᠨ ᠤ ᠨᠠᠷᠢᠮᠤ ᠤᠷᠲᠤ ᠤᠳᠠᠭᠠᠨ ᠲᠡᠦᠬᠡ ᠰᠣᠶᠣᠯ ᠲᠠᠢ ᠮᠥᠷᠲᠡᠭᠡᠨ ᠪᠠᠰᠠ ᠶᠠᠰᠤ ᠴᠢᠨᠠᠷ ᠤᠨ | ᠲᠦᠪᠰᠢᠨ ᠢᠶᠠᠷ ᠮᠠᠰᠢ ᠥᠨᠳᠥᠷ ᠶᠤᠮ᠃ ᠠᠤᠬᠠᠨ ᠬᠤᠰᠢᠭᠤ ᠠᠴᠠ ᠢᠯᠡᠷᠡᠭᠦᠯᠦᠭᠰᠡᠨ 8000 ᠵᠢᠯ ᠤᠨ ᠡᠮᠦᠨᠡᠬᠢ | ᠰᠢᠯᠦᠬᠡᠢ ᠨᠠᠷᠢᠮᠤ ᠪᠣᠯ ᠬᠥᠮᠥᠨ ᠤ ᠬᠦᠴᠦ ᠪᠠᠷ ᠲᠠᠷᠢᠵᠤ ᠤᠷᠭᠤᠭᠤᠯᠤᠬᠰᠠᠨ ᠬᠠᠮᠤᠭ ᠤᠨ ᠡᠷᠲᠡᠨ ᠤ ᠠᠮᠤ ᠪᠤᠳᠠᠭ᠎ᠠ | ᠶᠢᠨ ᠲᠠᠷᠢᠮᠠᠯ ᠪᠠᠶᠢᠵᠤ᠂ 2012 ᠣᠨ ᠳᠤ ᠠᠤᠬᠠᠨ ᠤ ᠬᠠᠭᠤᠷᠠᠢ ᠲᠠᠷᠢᠶᠠᠯᠠᠩ ᠤᠨ ᠰᠢᠰᠲ᠋ᠧᠮ ᠪᠦᠭᠦ ᠪᠥᠮᠪᠥᠷᠴᠡᠭ | ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠢᠶᠠᠷ ᠪᠦᠷᠢᠳᠭᠡᠭᠳᠡᠪᠡ; ᠠᠤᠬᠠᠨ ᠬᠤᠰᠢᠭᠤᠨ ᠳᠤ ᠳᠥᠷᠪᠡᠨ | ᠤᠯᠠᠷᠢᠯ ᠤᠨ ᠠᠭᠤᠷ ᠠᠮᠢᠰᠬᠤᠯ ᠢᠯᠡ ᠲᠣᠳᠣᠷᠬᠠᠢ ᠮᠥᠷᠲᠡᠭᠡᠨ ᠨᠡᠷᠡᠨ ᠤ ᠲᠤᠰᠤᠯᠲᠠ ᠴᠢᠩᠭ᠎ᠠ᠂ ᠡᠳᠦᠷ ᠰᠥᠨᠢ ᠶᠢᠨ | ᠳᠤᠯᠠᠭᠠᠨ ᠤ ᠬᠡᠮᠵᠢᠶ᠎ᠡ ᠵᠥᠷᠢᠶ᠎ᠡ ᠶᠡᠬᠡᠲᠡᠢ ᠪᠠᠶᠢᠵᠤ᠂ ᠬᠥᠷᠥᠰᠥ ᠰᠢᠷᠣᠢ ᠳᠤᠨᠢ ᠲᠡᠮᠦᠷ᠂ ᠴᠠᠶᠢᠷ᠂ ᠵᠡᠰ᠂ ᠰᠧᠯᠧᠨ ᠵᠡᠷᠭᠡ | ᠪᠢᠴᠢᠯ ᠡᠯᠧᠮᠧᠨ᠋ᠲ ᠡᠯᠪᠡᠭ ᠠᠭᠤᠯᠤᠭᠳᠠᠵᠤ ᠪᠠᠶᠢᠬᠤ ᠪᠥᠭᠡᠳ ᠲᠠᠷᠢᠶᠠᠴᠢᠳ ᠨᠢ ᠨᠤᠲᠤᠭ ᠤᠨ ᠪᠣᠷᠳᠣᠭᠤᠷ | ᠣᠷᠣᠭᠤᠯᠬᠤ᠂ ᠰᠡᠯᠭᠦᠨ ᠳᠠᠷᠢᠬᠤ᠂ ᠠᠯᠠᠭᠯᠠᠨ ᠳᠠᠷᠢᠬᠤ᠂ ᠬᠥᠮᠥᠨ ᠤ ᠬᠦᠴᠦ ᠪᠠᠷ ᠡᠪᠡᠰᠦ ᠠᠷᠢᠯᠭᠠᠬᠤ ᠵᠡᠷᠭᠡ ᠡᠷᠲᠡᠨ | ᠤ ᠲᠠᠷᠢᠶᠠᠯᠠᠬᠤ ᠠᠷᠭ᠎ᠠ ᠭᠡᠯᠪᠡᠷᠢ ᠶᠢ ᠠᠰᠢᠭᠯᠠᠨ ᠬᠢᠮᠢ ᠶᠢᠨ ᠪᠣᠷᠳᠣᠭᠤᠷ ᠪᠠ ᠲᠠᠷᠢᠶᠠᠨ ᠡᠮ ᠤᠨ ᠪᠣᠬᠢᠷᠳᠤᠯ ᠢ | ᠪᠦᠲᠦᠮᠵᠢᠲᠡᠶ ᠪᠠᠭᠠᠰᠬᠠᠵᠤ ᠪᠠᠶᠢᠨ᠎ᠠ᠃ ᠥᠪᠡᠷᠮᠢᠴᠡ ᠣᠨᠴᠠᠯᠢᠭ ᠪᠦᠬᠦᠢ ᠭᠠᠵᠠᠷ ᠵᠦᠢ ᠶᠢᠨ ᠣᠷᠴᠢᠨ ᠨᠥᠬᠦᠴᠡᠯ ᠪᠠ | ᠪᠣᠬᠢᠷᠳᠤᠯ ᠦᠭᠡᠢ ᠲᠠᠷᠢᠶᠠᠯᠠᠬᠤ ᠠᠷᠭ᠎ᠠ ᠭᠡᠯᠪᠡᠷᠢ ᠨᠢ ᠠᠤᠬᠠᠨ ᠤ ᠨᠠᠷᠢᠮᠤ ᠶᠢᠨ ᠮᠥᠬᠦᠯᠢᠭ ᠳᠦᠭᠦᠷᠡᠩ᠂ ᠦᠨᠦᠷ | ᠠᠮᠲᠠ ᠰᠠᠶᠢᠨ ᠮᠥᠷᠲᠡᠭᠡᠨ ᠰᠢᠮ᠎ᠡ ᠲᠡᠵᠢᠭᠡᠯ ᠡᠯᠪᠡᠭ ᠪᠠᠶᠢᠬᠤ ᠶᠢ ᠪᠠᠲᠤᠯᠠᠪᠠ᠃ ᠬᠥᠳᠡᠭᠡ ᠠᠵᠤ ᠠᠬᠤᠢ ᠬᠥᠳᠡᠭᠡ | ᠲᠤᠰᠬᠤᠨ ᠤ ᠶᠠᠮᠤᠨ ᠤ ᠢᠳᠡᠭᠡᠨ ᠪᠠ ᠰᠢᠮ᠎ᠡ ᠲᠡᠵᠢᠭᠡᠯ ᠤᠨ ᠬᠥᠭᠵᠢᠯᠲᠡ ᠶᠢᠨ ᠰᠤᠳᠤᠯᠭᠠᠨ ᠤ ᠭᠠᠵᠠᠷ ᠤᠨ ᠬᠠᠮᠢᠶ᠎ᠠ | ᠪᠦᠬᠦᠢ ᠬᠡᠮᠵᠢᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠠᠤᠬᠠᠨ ᠤ ᠨᠠᠷᠢᠮᠤ ᠤᠭᠤᠷᠠᠭ ᠪᠠ ᠥᠭᠡᠬᠦ ᠪᠠᠷ ᠰᠠᠶᠢᠨ | ᠮᠥᠷᠲᠡᠭᠡᠨ ᠸᠢᠲ᠋ᠠᠮᠢᠨ B᠂ ᠲᠡᠮᠦᠷ᠂ ᠴᠠᠶᠢᠷ ᠡᠯᠪᠡᠭ ᠠᠭᠤᠯᠤᠭᠳᠠᠵᠤ᠂ ᠪᠤᠰᠤᠳ ᠭᠠᠵᠠᠷ ᠤᠨ ᠨᠠᠷᠢᠮᠤ ᠠᠴᠠ ᠨᠠᠩ | ᠢᠯᠡᠭᠦᠦ ᠬᠥᠮᠥᠨ ᠤ ᠪᠡᠶ᠎ᠡ ᠶᠢᠨ ᠰᠢᠮ᠎ᠡ ᠲᠡᠵᠢᠭᠡᠯ ᠤᠨ ᠱᠠᠭᠠᠷᠳᠠᠯᠭ᠎ᠠ ᠳᠤ ᠲᠣᠬᠢᠷᠠᠨ᠎ᠠ᠃ | ᠲᠦᠷᠦᠭᠦᠬᠡᠨ ᠨᠡᠶᠢᠲᠡᠯᠡᠭᠰᠡᠨ ︽2023 ᠣᠨ ᠤ ᠳᠤᠮᠳᠠᠳᠤ ᠤᠯᠤᠰ ᠤᠨ ᠲᠦᠷᠦᠯ ᠲᠡᠮᠳᠡᠭ ᠤᠨ ᠦᠷᠲᠡᠭ | ᠤᠨ ᠦᠨᠡᠯᠡᠯᠲᠡ ᠶᠢᠨ ᠮᠡᠳᠡᠭᠡ ᠵᠠᠩᠭᠢ︾ ᠶᠢᠨ ᠨᠡᠷᠡᠰ ᠤᠨ ᠵᠢᠭᠰᠠᠭᠠᠯᠲᠠ ᠳᠤ᠂ ︽ᠠᠤᠬᠠᠨ ᠤ ᠨᠠᠷᠢᠮᠤ︾ ᠭᠠᠵᠠᠷ ᠵᠦᠢ | ᠶᠢᠨ ᠢᠯᠡᠷᠬᠡᠶᠢᠯᠡᠯᠲᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢᠶᠠᠷ ᠵᠢᠭᠰᠠᠭᠠᠭᠳᠠᠭᠰᠠᠨ | ᠪᠥᠭᠡᠳ ︽2023 ᠣᠨ ᠤ ᠮᠢᠨᠤ ᠬᠠᠮᠤᠭ ᠪᠠᠭ᠋ᠠᠷᠬᠠᠳᠠᠭ ᠳᠤᠮᠳᠠᠳᠤ ᠤᠯᠤᠰ ᠤᠨ ᠲᠦᠷᠦᠯ ᠲᠡᠮᠳᠡᠭ︾ ᠢᠶᠠᠷ | ᠰᠣᠩᠭᠤᠭᠳᠠᠪᠠ᠃ ︽ᠠᠤᠬᠠᠨ ᠤ ᠨᠠᠷᠢᠮᠤ ᠳᠤᠮᠳᠠᠳᠤ ᠤᠯᠤᠰ ᠤᠨ ᠦᠨᠦᠷ ᠠᠮᠲᠠ ᠶᠢ ᠬᠠᠩᠬᠤᠯᠤᠭᠤᠯᠤᠨᠠ︾ ᠭᠡᠬᠦ ᠵᠠᠷ | ᠤᠨ ᠦᠭᠡ ᠲᠥᠪ ᠲᠧᠯᠸᠢᠰ ᠢᠶᠠᠷ ᠲᠠᠮᠵᠢᠨ ᠤᠯᠤᠰ ᠳᠠᠶᠠᠭᠠᠷ ᠲᠤ ᠰᠠᠴᠤᠭᠳᠠᠵᠤ᠂ ᠬᠥᠮᠥᠰ ᠤᠨ ᠰᠡᠳᠬᠢᠯ ᠳᠤ | ᠬᠠᠳᠠᠩᠰᠢᠨ ᠨᠡᠩ ᠤᠯᠠᠨ ᠬᠡᠷᠡᠭᠯᠡᠭᠴᠢᠳ ᠤᠨ ᠲᠠᠭᠠᠰᠢᠶᠠᠯ ᠢ ᠭᠦᠷᠲᠡᠪᠠ᠃ ᠤᠳᠤ ᠠᠤᠬᠠᠨ ᠤ ᠨᠠᠷᠢᠮᠤ ᠶᠢᠨ | ᠪᠣᠷᠤᠯᠠᠭᠤᠯᠭ᠎ᠠ ᠶᠢᠨ ᠲᠣᠣᠷ ᠨᠢᠭᠡᠨᠲᠡ ᠪᠦᠭᠦ ᠤᠯᠤᠰ ᠤᠨ ᠬᠤᠶᠠᠳᠤᠭᠠᠷ ᠭᠤᠷᠪᠠᠳᠤᠭᠠᠷ ᠳᠡᠰ ᠠᠴᠠ ᠳᠡᠭᠡᠭᠰᠢᠬᠢ | ᠬᠤᠲᠠ ᠶᠢ ᠪᠦᠭᠦᠨ ᠢ ᠪᠦᠷᠬᠦᠭᠰᠡᠨ ᠪᠥᠭᠡᠳ ᠶᠠᠫᠤᠨ᠂ ᠺᠤᠷᠢᠶᠠ᠂ ᠵᠡᠭᠦᠨ ᠡᠮᠦᠨᠡᠲᠦ ᠠᠽᠢᠶ᠎ᠠ ᠶᠢᠨ ᠭᠠᠵᠠᠷ ᠣᠷᠣᠨ | ᠳᠤ ᠪᠣᠷᠣᠯᠠᠭᠤᠯᠤᠭᠳᠠᠵᠤ᠂ ᠪᠠᠰᠠ ᠠᠤᠬᠠᠨ ᠤ ᠨᠠᠷᠢᠮᠤ ᠶᠢᠨ ᠲᠢᠶᠠᠨ ᠮᠣᠣ ᠠᠯᠪᠠᠨ ᠤ ᠲᠠᠯ᠎ᠠ ᠶᠢᠨ ᠬᠤᠰᠢᠭᠤᠴᠢ | ᠳᠡᠯᠭᠡᠭᠦᠷ᠂ ᠵᠢᠩ ᠳ᠋ᠦᠩ ᠬᠠᠭᠤᠷᠠᠢ ᠲᠠᠷᠢᠶᠠᠯᠠᠩ ᠤᠨ ᠥᠪ ᠤᠨ ᠣᠷᠳᠣᠨ ᠢ ᠨᠡᠭᠡᠭᠡᠪᠡ᠃ | ᠠᠤᠬᠠᠨ ᠬᠤᠰᠢᠭᠤ ᠪᠦᠷᠢᠨ ᠲᠡᠭᠦᠯᠳᠡᠷ ᠮᠡᠷᠭᠡᠵᠢᠯ ᠤᠨ ᠰᠢᠰᠲ᠋ᠧᠮ ᠢᠶᠠᠷ ᠳᠠᠮᠵᠢᠨ ᠠᠤᠬᠠᠨ ᠤ ᠨᠠᠷᠢᠮᠤ ᠶᠢᠨ | ᠴᠢᠨᠠᠷᠯᠢᠭ ᠰᠠᠶᠢᠨ ᠶᠠᠰᠤ ᠴᠢᠨᠠᠷ ᠤᠨ ᠪᠠᠲᠤᠯᠠᠭ᠎ᠠ ᠶᠢ ᠪᠡᠶᠡᠯᠡᠭᠦᠯᠪᠡ᠃ ᠲᠤᠰ ᠬᠤᠰᠢᠭᠤ ︽ ᠶᠢᠨ ᠮᠢᠶᠤᠤ︾ ᠪᠣᠯᠣᠨ | ︽ᠬᠤᠩ ᠭᠦ᠋︾ ᠰᠢᠷᠢᠰ ᠡᠭᠦᠯᠳᠡᠷ ᠤᠨ ᠲᠣᠭᠤᠷᠢᠨ ᠳᠤ ᠰᠠᠨᠰᠠᠷ ᠲᠤ ᠡᠭᠦᠯᠳᠡᠷ ᠪᠣᠶᠢᠵᠢᠭᠤᠯᠬᠤ᠂ ᠡᠷᠯᠢᠰᠡᠵᠢᠭᠦᠯᠦᠨ | ᠡᠭᠦᠯᠳᠡᠷ ᠪᠣᠶᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠣᠷᠭᠠᠨᠢᠭ ᠦᠢᠯᠡᠳᠬᠦᠨ ᠳᠤ ᠲᠣᠬᠢᠷᠠᠬᠤ ︽ᠤᠤ | ᠬᠠᠩ ᠭᠦ᠋︾ ᠰᠢᠷᠢᠰ ᠰᠢᠨ᠎ᠡ ᠡᠭᠦᠯᠳᠡᠷ ᠤᠨ ᠨᠠᠷᠢᠮᠤ ᠶᠢ ᠠᠮᠵᠢᠯᠲᠠ ᠲᠠᠢ ᠪᠣᠶᠢᠵᠢᠭᠤᠯᠵᠤ᠂ ᠪᠣᠬᠢᠷᠳᠤᠯ ᠦᠭᠡᠢ ᠢᠳᠡᠭᠡᠨ | ᠳᠤ ᠲᠣᠬᠢᠷᠠᠬᠤ ᠡᠪᠡᠰᠦ ᠠᠷᠢᠯᠭᠠᠬᠤ ᠡᠮ ᠳᠤ ᠳᠠᠭᠠᠭᠠᠮᠠᠭᠠᠢ ᠡᠭᠦᠯᠳᠡᠷ ᠢ ᠰᠤᠳᠤᠯᠤᠨ ᠭᠠᠷᠭᠠᠪᠠ; ︽ᠠᠤᠬᠠᠨ | ᠬᠤᠰᠢᠭᠤᠨ ᠤ ᠪᠣᠬᠢᠷᠳᠤᠯ ᠦᠭᠡᠢ ᠨᠠᠷᠢᠮᠤ ᠳᠠᠷᠢᠬᠤ ᠮᠡᠷᠭᠡᠵᠢᠯ ᠤᠨ ᠳᠦᠷᠢᠮ︾ ᠢ ᠲᠣᠭᠲᠠᠭᠠᠭᠰᠠᠨ ᠪᠥᠭᠡᠳ ᠪᠡᠶ᠎ᠡ | ᠪᠠᠨ ᠳᠠᠭᠠᠭᠠᠵᠤ ᠰᠤᠳᠤᠯᠤᠨ ᠲᠣᠭᠲᠠᠭᠠᠭᠰᠠᠨ ︽ᠪᠣᠬᠢᠷᠳᠤᠯ ᠦᠭᠡᠢ ᠨᠠᠷᠢᠮᠤ ᠶᠢᠨ ᠦᠢᠯᠡᠳᠪᠦᠷᠢᠯᠡᠯ ᠤᠨ ᠪᠦᠭᠦ | ᠶᠠᠪᠤᠴᠠ ᠶᠢ ᠮᠠᠰᠢᠨᠴᠢᠯᠠᠬᠤ ᠮᠡᠷᠭᠡᠵᠢᠯ ᠤᠨ ᠳᠦᠷᠢᠮ︾᠂ ︽ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ | ᠠᠤᠬᠠᠨ ᠤ ᠨᠠᠷᠢᠮᠤ︾ ᠶᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠪᠤᠯᠭᠠᠪᠠ; | ︽ᠠᠤᠬᠠᠨ ᠤ ᠨᠠᠷᠢᠮᠤ ᠶᠢᠨ ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ ᠤ ᠬᠠᠮᠢᠶᠠᠷᠤᠯᠲᠠ ᠶᠢᠨ | ᠵᠢᠷᠤᠮᠵᠢᠯ︾ ᠢ ᠲᠣᠭᠲᠠᠭᠠᠵᠤ᠂ ᠶᠢᠨ ᠭᠧᠦ ᠲᠠᠷᠢᠶᠠᠯᠠᠩ᠂ ᠬᠤᠶ ᠯᠦᠩ ᠡᠯᠳᠡᠪ ᠠᠮᠤ ᠵᠡᠷᠭᠡ ᠲᠠᠪᠤᠨ ᠠᠵᠤ ᠠᠬᠤᠶᠢᠯᠠᠯ ᠢ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠠᠪᠴᠠᠩ ᠳᠤ ᠣᠷᠣᠭᠤᠯᠪᠠ; ︽ᠰᠢᠩ ᠯᠦᠩ ᠭᠧᠦ︾᠂ ︽ᠰᠢᠩ ᠯᠦᠩ ᠸᠠ︾᠂ ︽ᠳᠤᠮᠳᠠᠳᠤ ᠶᠢᠨ ᠨᠢᠭᠡᠳᠦᠭᠡᠷ | ᠲᠣᠰᠬᠤᠨ︾ ᠵᠡᠷᠭᠡ ᠨᠢᠭᠡ ᠪᠦᠯᠦᠭ ᠪᠣᠬᠢᠷᠳᠤᠯ ᠦᠭᠡᠢ ᠣᠷᠭᠠᠨᠢᠭ ᠨᠠᠷᠢᠮᠤ ᠶᠢᠨ ᠲᠦᠷᠦᠯ ᠲᠡᠮᠳᠡᠭ ᠢ ᠡᠭᠦᠳᠴᠦ᠂ | ᠳᠥᠷᠪᠡᠨ ᠥᠩᠭᠡ ᠶᠢᠨ ᠨᠠᠷᠢᠮᠤ᠂ ᠲᠡᠭᠡᠷᠮ᠎ᠡ ᠪᠠᠷ ᠢᠩᠳᠡᠭᠰᠡᠨ ᠨᠠᠷᠢᠮᠤ᠂ ᠰᠠᠷ᠎ᠠ ᠳᠤ ᠰᠠᠭᠤᠭᠰᠠᠳ ᠤᠨ ᠢᠳᠡᠬᠦ | ᠨᠠᠷᠢᠮᠤ᠂ ᠶᠢᠨ ᠮᠢᠶᠤᠤ ᠨᠠᠷᠢᠮᠤ᠂ ᠰᠧᠯᠧᠨ ᠡᠯᠪᠡᠭ ᠠᠭᠤᠯᠤᠭᠳᠠᠬᠤ ᠨᠠᠷᠢᠮᠤ ᠵᠡᠷᠭᠡ ᠰᠢᠷᠢᠰ ᠪᠦᠲᠦᠭᠡᠭᠳᠡᠬᠦᠨ ᠢ | ᠨᠡᠭᠡᠭᠡᠨ ᠬᠥᠭᠵᠢᠭᠦᠯᠵᠦ᠂ ᠨᠠᠷᠢᠮᠤ ᠶᠢᠨ ᠠᠷᠢᠬᠢ᠂ ᠨᠠᠷᠢᠮᠤ ᠶᠢᠨ ᠴᠠᠢ᠂ ᠨᠠᠷᠢᠮᠤ ᠶᠢᠨ ᠲᠦᠷᠭᠡᠨ ᠢᠳᠡᠭᠡᠨ ᠵᠡᠷᠭᠡ | ᠨᠠᠷᠢᠯᠢᠭ ᠡᠳ᠋ᠰᠢᠭᠦᠯᠦᠭᠰᠡᠨ ᠰᠢᠷᠢᠰ ᠦᠢᠯᠡᠳᠬᠦᠨ ᠢ ᠰᠤᠳᠤᠯᠤᠨ ᠦᠢᠯᠡᠳᠪᠡ᠃ ᠠᠤᠬᠠᠨ ᠬᠤᠰᠢᠭᠤ ᠪᠠᠰᠠ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠾᠧᠪᠧᠢ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠲᠠᠢ ᠭᠦᠨᠵᠡᠭᠡᠢ ᠬᠠᠮᠲᠤᠷᠠᠯᠴᠠᠵᠤ᠂ ᠨᠢᠭᠡᠨᠲᠡ ᠨᠠᠷᠢᠮᠤ ᠶᠢᠨ ᠠᠺᠠᠳᠧᠮᠢᠴᠢ ᠶᠢᠨ ᠠᠵᠢᠯᠯᠠᠬᠤ ᠥᠷᠲᠡᠭᠡ᠂ | ᠳ᠋ᠣᠺᠲ᠋ᠣᠷ ᠤᠨ ᠠᠵᠢᠯᠯᠠᠬᠤ ᠥᠷᠲᠡᠭᠡ᠂ ᠨᠠᠷᠢᠮᠤ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠨᠠᠷᠢᠮᠤ ᠶᠢᠨ | ᠠᠵᠤ ᠦᠢᠯᠡᠰ ᠤᠨ ᠬᠥᠭᠵᠢᠯᠲᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ᠂ ᠡᠳ᠋ᠰᠢᠭᠦᠯᠵᠦ ᠪᠤᠯᠪᠠᠰᠤᠷᠠᠭᠤᠯᠬᠤ᠂ | ᠵᠠᠬ᠎ᠠ ᠳᠡᠯᠭᠡᠭᠦᠷ ᠵᠡᠷᠭᠡ ᠭᠤᠭᠴᠤᠭ᠎ᠠ ᠳᠤ ᠴᠥᠮ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠯ | ᠲᠠᠢ ᠪᠣᠯᠤᠭᠰᠠᠨ ᠪᠢᠯᠡ᠃ | ᠠᠤᠬᠠᠨ ᠤ ᠨᠠᠷᠢᠮᠤ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠡᠬᠢᠯᠡᠭᠦᠯᠦᠭᠰᠡᠨ ᠠᠴᠠ ᠨᠠᠭᠠᠰᠢ ᠨᠠᠷᠢᠮᠤ | ᠶᠢᠨ ᠠᠵᠤ ᠦᠢᠯᠡᠰ ᠨᠢ ᠠᠤᠬᠠᠨ ᠬᠤᠰᠢᠭᠤᠨ ᠤ ᠭᠤᠷᠪᠠᠨ ᠶᠡᠭᠡ ᠠᠵᠤ ᠦᠢᠯᠡᠰ ᠤᠨ ᠨᠢᠭᠡ ᠪᠣᠯᠵᠤ᠂ | ︽ᠳᠠᠭᠠᠭᠤᠯᠤᠭᠴᠢ ᠠᠵᠤ ᠠᠬᠤᠶᠢᠯᠠᠯ + ᠲᠤᠰᠬᠠᠢ ᠬᠤᠷᠰᠢᠶ᠎ᠠ + ᠲᠠᠷᠢᠶᠠᠯᠠᠬᠤ ᠡᠷᠦᠭᠡ + ᠰᠠᠭᠤᠷᠢᠨ︾ ᠤ ᠠᠵᠤ | ᠦᠢᠯᠡᠰ ᠤᠨ ᠵᠠᠭᠪᠤᠷ ᠢᠶᠠᠷ ᠪᠦᠭᠦ ᠬᠤᠰᠢᠭᠤᠨ ᠤ 5.6 ᠲᠦᠮᠡᠨ ᠲᠠᠷᠢᠶᠠᠯᠠᠬᠤ ᠡᠷᠦᠭᠡ ᠶᠢ ᠳᠠᠶᠢᠴᠢᠯᠠᠨ ᠨᠠᠷᠢᠮᠤ ᠶᠢᠨ | ᠠᠵᠤ ᠦᠢᠯᠡᠰ ᠢ ᠪᠦᠭᠦ ᠬᠦᠴᠦᠨ ᠢᠶᠠᠷ ᠬᠥᠭᠵᠢᠭᠦᠯᠵᠦ ᠪᠤᠢ᠃ ᠤᠳᠤ ᠲᠤᠰ ᠬᠤᠰᠢᠭᠤ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠢ ᠠᠬᠢᠭᠤᠯᠵᠤ᠂ ᠳᠤᠮᠳᠠᠳᠤ | ᠤᠯᠤᠰ ᠤᠨ ᠨᠠᠷᠢᠮᠤ ᠶᠢᠨ ᠮᠦᠽᠧᠢ᠂ ᠬᠠᠭᠤᠷᠠᠢ ᠲᠠᠷᠢᠶᠠᠯᠠᠩ ᠤᠨ ᠭᠤᠣᠯ ᠰᠡᠳᠦᠪᠲᠦ ᠴᠡᠴᠡᠷᠯᠢᠭ᠂ ᠨᠠᠷᠢᠮᠤ ᠶᠢᠨ | ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ | ᠪᠦᠲᠦᠭᠡᠭᠳᠡᠬᠦᠨ ᠤ ᠳᠠᠪᠠᠭᠤᠯᠢᠭᠲᠤ ᠣᠷᠣᠨ᠂ ᠳᠡᠯᠡᠬᠡᠢ ᠶᠢᠨ ᠨᠠᠷᠢᠮᠤ ᠶᠢᠨ ᠦᠷ᠎ᠡ ᠶᠢ ᠰᠤᠳᠤᠯᠤᠨ ᠨᠡᠭᠡᠭᠡᠬᠦ ᠰᠠᠭᠤᠷᠢᠨ᠂ | ᠲᠠᠷᠢᠶᠠᠯᠠᠬᠤ ᠰᠣᠶᠣᠯ ᠤᠨ ᠵᠢᠭᠤᠯᠴᠢᠯᠠᠯ ᠤᠨ ᠬᠠᠷᠠᠯᠲᠠᠲᠤ ᠭᠠᠵᠠᠷ ᠵᠡᠷᠭᠡ ᠶᠢ ᠪᠦᠲᠦᠭᠡᠨ ᠪᠠᠶᠢᠭᠤᠯᠵᠤ᠂ ᠠᠤᠬᠠᠨ | ᠬᠤᠰᠢᠭᠤ ᠶᠢ ᠶᠠᠭ ᠳᠡᠯᠡᠬᠡᠢ ᠶᠢᠨ ᠨᠠᠷᠢᠮᠤ ᠶᠢᠨ ᠦᠷ᠎ᠡ ᠶᠢ ᠰᠤᠳᠤᠯᠤᠨ ᠨᠡᠭᠡᠭᠡᠵᠦ ᠭᠠᠳᠠᠭᠰᠢ ᠭᠠᠷᠭᠠᠬᠤ ᠰᠠᠭᠤᠷᠢᠨ | ᠪᠠ ᠪᠦᠧᠧᠬᠠᠢ ᠲᠠᠩᠭᠢᠰ ᠤᠨ ᠡᠷᠭᠢᠨ ᠲᠣᠭᠤᠷᠢᠨ ᠤ ᠭᠠᠵᠠᠷ ᠣᠷᠣᠨ᠂ ᠪᠡᠭᠡᠵᠢᠩ ᠲᠢᠶᠠᠨᠵᠢᠨ ᠾᠧᠪᠧᠢ ᠶᠢᠨ ᠭᠠᠵᠠᠷ | ᠣᠷᠣᠨ ᠳᠤ ᠬᠠᠨᠳᠤᠭᠤᠯᠤᠭᠰᠠᠨ ᠪᠣᠬᠢᠷᠳᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠪᠣᠯᠭᠠᠨ ᠪᠦᠲᠦᠭᠡᠨ ᠪᠠᠶᠢᠭᠤᠯᠵᠤ ᠪᠠᠶᠢᠨ᠎ᠠ᠃ |