ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ 2023 ᠣᠨ ᠤ ᠰᠣᠶᠣᠯ ᠪᠠ ᠪᠠᠶᠢᠭᠠᠯᠢ ᠶᠢᠨ ᠥᠪ ᠤᠨ ᠡᠳᠦᠷ ᠲᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2023/6/11
     
           ᠪᠣᠳᠠᠰ ᠤᠨ ᠪᠤᠰᠤ ᠰᠣᠶᠣᠯ ᠤᠨ ᠥᠪ ᠪᠣᠯ ᠬᠥᠮᠥᠨ ᠲᠥᠷᠥᠯᠬᠢᠲᠡᠨ ᠤ ᠤᠶᠤᠨ ᠤᠬᠠᠭᠠᠨ ᠤ ᠤᠬᠢ ᠪᠦᠲᠦᠭᠡᠯ᠂ ᠠᠮᠢ ᠨᠠᠰᠤᠨ ᠤ ᠳᠤᠷᠠᠰᠤᠮᠵᠢ᠂ ᠬᠥᠮᠥᠨ ᠲᠥᠷᠥᠯᠬᠢᠲᠡᠨ ᠤ ᠤᠶᠤᠨ ᠰᠠᠨᠠᠭᠠᠨ ᠤ ᠥᠨᠢᠳᠡ ᠶᠢᠨ ᠭᠡᠷ ᠣᠷᠣᠨ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠬᠤ ᠶᠢᠨ ᠲᠥᠯᠥᠭᠡ᠂ ᠠᠷᠠᠳ ᠤᠯᠠᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠬᠠᠮᠲᠤ ᠪᠠᠷ ᠣᠷᠣᠯᠴᠠᠬᠤ᠂ ᠬᠠᠮᠠᠭᠠᠯᠠᠬᠤ ᠂ ᠤᠯᠠᠮᠵᠢᠯᠠᠨ ᠵᠠᠯᠭᠠᠮᠵᠢᠯᠠᠬᠤ  ᠪᠠᠶᠢᠳᠠᠯ ᠢ ᠪᠤᠢ ᠪᠣᠯᠭᠠᠨ᠎ᠠ᠃
     2023 ᠣᠨ ᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠲᠠᠰᠢᠷᠠᠮ ᠳᠤ᠂ ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠴᠦᠸᠠᠨ ᠰᠢᠶᠠᠨ ᠤ ᠰᠣᠶᠣᠯ ᠤᠨ ᠣᠷᠳᠣᠨ ᠤ ︽ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠤᠯᠠᠮᠵᠢᠯᠠᠯ ᠢ ᠴᠢᠩᠭᠠᠳᠬᠠᠵᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠬᠢᠨ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ᠄  ᠮᠠᠩᠬᠠᠨ ᠳᠠᠭᠤᠣ᠂ ᠶᠤᠤᠮᠠᠢ ᠭᠤᠯᠢᠷ ᠤᠨ ᠢᠳᠡᠭᠡᠨ ᠤᠮᠳᠠᠭᠠᠨ ᠬᠢᠬᠦ ᠤᠷ᠎ᠠ ᠮᠡᠷᠭᠡᠵᠢᠯ᠂ ᠷᠧᠨ ᠣᠪᠣᠭᠲᠤ ᠶᠢᠨ ᠬᠢᠲᠠᠳ ᠡᠮᠨᠡᠯᠭᠡ ᠶᠢᠨ ᠵᠡᠭᠦᠦ ᠲᠥᠭᠡᠨᠡᠯᠭᠡ ᠶᠢᠨ ᠴᠢᠬᠢᠨ ᠪᠠᠯᠴᠢᠷ ᠤᠨ ᠵᠠᠰᠠᠯ ᠂ ᠬᠠᠳᠬᠤᠨ ᠬᠠᠨᠠᠬᠤ ᠵᠠᠰᠠᠯ᠂ ᠴᠠᠭᠠᠰᠤᠨ ᠬᠠᠶᠢᠴᠢᠯᠠᠮᠠᠯ᠂ ᠴᠠᠭᠠᠰᠤ ᠰᠡᠶᠢᠯᠬᠦ᠂ ᠠᠷᠠᠰᠤᠨ ᠡᠳ᠋ᠯᠡᠯ ᠬᠢᠬᠦ ᠤᠷ᠎ᠠ ᠮᠡᠷᠭᠡᠵᠢᠯ᠂ ᠢᠰᠡᠭᠡᠢ ᠬᠢᠬᠦ ᠤᠷ᠎ᠠ ᠮᠡᠷᠭᠡᠵᠢᠯ ᠵᠡᠷᠭᠡ ᠪᠠᠷ ᠲᠤᠬᠠᠢ ᠶᠢᠨ ᠲᠠᠯᠠᠪᠠᠢ ᠳᠤ ᠲᠡᠯᠭᠡᠨ ᠦᠵᠡᠭᠦᠯᠪᠡ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠦᠨᠳᠦᠰᠦᠲᠡᠨ ᠤ ᠰᠣᠶᠣᠯ ᠤᠨ ᠭᠧᠨ ᠢ ᠤᠯᠠᠮᠵᠢᠯᠠᠨ ᠵᠠᠯᠭᠠᠮᠵᠢᠯᠠᠬᠤ᠂ ᠭᠡᠷ ᠣᠷᠣᠨ ᠢᠶᠠᠨ ᠰᠠᠬᠢᠨ ᠪᠠᠷᠠᠯᠠᠬᠤ ᠪᠣᠯ ᠪᠢᠳᠡᠨ ᠤ ᠬᠠᠮᠲᠤ ᠶᠢᠨ ᠬᠠᠷᠢᠭᠤᠴᠠᠯᠭ᠎ᠠ ᠮᠥᠨ᠂ ᠪᠢᠳᠡ ᠭᠠᠷ ᠬᠤᠯᠪᠣᠨ ᠮᠥᠷᠥ ᠵᠡᠷᠭᠡᠴᠡᠵᠦ᠂ ︽ᠪᠣᠳᠠᠰ ᠤᠨ ᠪᠤᠰᠤ ᠰᠣᠶᠣᠯ ᠤᠨ ᠥᠪ︾ ᠢ ᠬᠥᠮᠥᠨ ᠪᠦᠬᠦᠨ ᠮᠡᠳᠡᠬᠦ᠂  ᠬᠥᠮᠥᠨ ᠪᠦᠬᠦᠨ ᠬᠠᠶᠢᠷᠠᠯᠠᠬᠤ᠂ ᠬᠥᠮᠥᠨ ᠪᠦᠬᠦᠨ ᠰᠤᠷᠤᠯᠴᠠᠵᠤ ᠤᠯᠠᠮᠵᠢᠯᠠᠨ ᠵᠠᠯᠭᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠶ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号