2023 ᠣᠨ ᠤ ᠦᠴᠦᠸᠠᠨ ᠰᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/6/12
——2023 ᠣᠨ ᠤ 1 ᠰᠠᠷ᠎ᠠ ᠶᠢᠨ 7 ᠤ ᠡᠳᠦᠷ ᠦᠴᠦᠸᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ          ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ     ᠬᠠᠳᠠᠲᠥᠯᠥᠭᠡᠯᠡᠭᠴᠢᠳ ᠠ᠋᠄      ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2022 ᠣᠨ ᠤ ᠠᠵᠢᠯ ᠤᠨ ᠡᠷᠭᠢᠴᠡᠭᠦᠯᠦᠯ       2022 ᠣᠨ ᠪᠣᠯ ᠲᠤᠶᠢᠯ ᠤᠨ ᠣᠨᠴᠠᠭᠠᠢ᠂  ᠲᠤᠶᠢᠯ ᠤᠨ ᠥᠷᠢᠰᠦᠯᠳᠦᠭᠡᠨ ᠲᠠᠢ᠂ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠬᠢᠯᠪᠡᠷ ᠪᠤᠰᠤ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠠᠵᠤ ᠠᠬᠤᠢ ᠶᠢᠨ ᠪᠠᠭᠤᠷᠠᠬᠤ ᠳᠠᠷᠤᠯᠲᠠ ᠶᠢᠨ ᠨᠡᠮᠡᠭᠳᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠣᠯᠠᠨ ᠡᠭᠡᠯᠵᠢ ᠶᠢᠨ ᠳᠠᠭᠠᠷᠢᠯᠲᠠ ᠵᠡᠷᠭᠡ ᠬᠦᠨᠳᠦ ᠬᠡᠴᠡᠭᠦᠦ ᠥᠷᠢᠰᠦᠯᠳᠦᠭᠡᠨ ᠤ ᠡᠮᠦᠨ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠳᠣᠣᠷ᠎ᠠ᠂ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠪᠠ᠃ ᠵᠢᠱᠢᠯᠲᠡ ᠪᠠᠷ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 101% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ︵ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠭᠰᠠᠨ ᠬᠦᠴᠦᠨ ᠵᠦᠢᠯ ᠢ ᠬᠠᠰᠤᠵᠤ ᠭᠠᠷᠭᠠᠪᠠᠯ︶ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 5% ᠪᠠ 8% ᠪᠠᠷ ᠨᠡᠮᠡᠭᠳᠡᠨ᠂ ᠬᠢᠵᠢᠭ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠨ ᠬᠤᠷᠠᠮᠳᠤᠭᠤᠯᠵᠤ᠂ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠨᠢᠭᠡ ᠵᠢᠯ ᠤᠨ ᠲᠤᠷᠰᠢ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠪᠡᠶᠡᠯᠡᠭᠦᠯᠪᠡ᠄      ︵ᠨᠢᠭᠡ︶ ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠲᠠᠢ ᠲᠡᠮᠡᠴᠡᠵᠦ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠶᠢᠰᠦᠳᠦᠭᠡᠷ ᠬᠡᠪᠯᠡᠯ ᠢ ᠴᠢᠩᠭ᠎ᠠ ᠲᠤᠭᠤᠰᠢᠯᠠᠭᠤᠯᠵᠤ᠂ ᠬᠤᠷᠢᠨ ᠵᠤᠷᠪᠤᠰ ᠢ ᠨᠠᠶᠢᠳᠠᠪᠤᠷᠢᠵᠢᠭᠤᠯᠤᠨ᠂ ᠰᠢᠨ᠎ᠡ ᠠᠷᠪᠠᠨ ᠵᠤᠷᠪᠤᠰ ᠢ ᠬᠡᠷᠡᠭᠵᠢᠭᠦᠯᠵᠦ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ᠂ ᠭᠤᠷᠪᠠᠨ ᠡᠭᠡᠯᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ ᠶᠢ ᠠᠮᠵᠢᠯᠲᠠ ᠲᠠᠢ ᠪᠠᠷ ᠬᠤᠷᠢᠭᠯᠠᠨ ᠵᠣᠭᠰᠣᠭᠠᠵᠤ᠂ ᠴᠠᠭ ᠪᠠ ᠪᠠᠶᠢᠳᠠᠯ ᠢ ᠦᠨᠳᠦᠰᠦᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠢᠯᠠᠩᠭᠤᠶ᠎ᠠ 9.28 ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠪᠢᠳᠡ ᠪᠥᠬᠦ ᠬᠤᠲᠠ ᠳᠤ 3263 ᠡᠪᠡᠳᠴᠢᠲᠡᠨ ᠤ ᠣᠷᠣ ᠨᠥᠭᠡᠴᠡᠯᠡᠵᠦ᠂ ᠬᠤᠲᠠ ᠶᠢᠨ ᠳᠥᠷᠪᠡᠨ ᠲᠣᠭᠤᠷᠢᠭ ᠤᠨ ᠨᠠᠶᠢᠳᠠᠨ ᠬᠠᠮᠢᠶᠠᠷᠤᠭᠤᠯᠵᠤ ᠲᠤᠰᠠᠭᠠᠷᠯᠠᠭᠰᠠᠨ 3716 ᠬᠥᠮᠥᠨ ᠢ ᠭᠥᠯᠢᠶᠡᠨ ᠠᠪᠴᠤ᠂ 116 ᠡᠮᠨᠡᠯᠭᠡ ᠶᠢᠨ ᠠᠵᠢᠯᠲᠠᠨ ᠢ ᠲᠣᠮᠢᠯᠠᠨ ᠬᠤᠲᠣᠩ ᠠᠷᠠᠳ ᠤᠨ ᠲᠣᠭᠤᠷᠢᠭ ᠢ ᠲᠤᠰᠠᠯᠠᠭᠤᠯᠵᠤ᠂ ᠣᠷᠣᠨ ᠤ ᠲᠥᠪ ᠤᠨ ᠰᠡᠷᠭᠡᠶᠢᠯᠡᠨ ᠡᠵᠡᠮᠳᠡᠬᠦ ᠳᠠᠷᠤᠯᠲᠠ ᠶᠢ ᠪᠦᠲᠦᠮᠵᠢᠲᠡᠶ ᠪᠠᠷ ᠬᠥᠩᠭᠡᠷᠡᠭᠦᠯᠪᠡ︔ ᠭᠠᠳᠠᠨ᠎ᠠ ᠠᠴᠠ ᠢᠷᠡᠭᠰᠡᠨ ᠠᠵᠢᠯ ᠬᠥᠳᠡᠯᠮᠦᠷᠢ ᠬᠢᠵᠦ ᠪᠠᠶᠢᠭ᠎ᠠ 7369 ᠬᠥᠮᠥᠨ ᠢ ᠴᠡᠭ ᠠᠴᠠ ᠴᠡᠭ ᠲᠤ ᠬᠠᠮᠠᠭᠠᠯᠠᠨ ᠬᠦᠷᠭᠡᠵᠦ᠂ ᠡᠮᠬᠢ ᠵᠢᠷᠤᠮ ᠲᠠᠢ ᠪᠠᠷ ᠨᠤᠲᠤᠭ ᠳᠤᠨᠢ ᠪᠤᠴᠠᠭᠠᠨ᠂ ᠭᠠᠳᠠᠭᠰᠢ ᠬᠠᠯᠳᠠᠪᠤᠷᠢᠯᠠᠭᠰᠠᠨ ᠡᠪᠡᠳᠴᠢᠨ ᠤ ᠵᠢᠱᠢᠶ᠎ᠡ ᠭᠠᠷᠭᠠᠭᠰᠠᠨ ᠦᠭᠡᠢ︔ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠡᠯ᠎ᠡ ᠲᠥᠷᠥᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠲᠡ 6 ᠲᠦᠮᠡ ᠭᠠᠷᠤᠢ ᠲᠣᠨ ᠪᠣᠷᠣᠯᠠᠭᠤᠯᠵᠤ᠂ ᠬᠢᠵᠢᠭ ᠤᠨ ᠪᠠᠶᠢᠳᠠᠯ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃      ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠪᠡ᠃ ᠡᠯ᠎ᠡ ᠱᠠᠲᠤᠨ ᠤ ᠵᠣᠯᠭᠠᠭᠤᠯᠬᠤ ᠪᠡᠯᠡ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ ᠪᠡᠯᠡ ᠮᠥᠩᠭᠦ 2.51 ᠳ᠋ᠦᠩᠰᠢᠭᠤᠷ ᠲᠥᠭᠦᠷᠢᠭ ᠣᠷᠣᠭᠤᠯᠵᠤ᠂ 107 ᠲᠥᠷᠥᠯ ᠵᠦᠢᠯ ᠢ ᠬᠡᠷᠡᠭᠵᠢᠭᠦᠯᠪᠡ᠂ ᠡᠭᠦᠨ ᠳᠤ ᠠᠵᠤ ᠦᠢᠯᠡᠰ ᠤᠨ ᠲᠥᠷᠥᠯ ᠵᠦᠢᠯ 37 ᠪᠠᠶᠢᠵᠤ᠂ ᠬᠤᠯᠪᠣᠭᠳᠠᠬᠤ ᠪᠡᠯᠡ ᠮᠥᠩᠭᠦ 1.49 ᠳ᠋ᠦᠩᠰᠢᠭᠤᠷ ᠲᠥᠭᠦᠷᠢᠭ ᠪᠠᠶᠢᠵᠤ᠂ ᠠᠵᠤ ᠦᠢᠯᠡᠰ ᠢ ᠬᠥᠭᠵᠢᠭᠦᠯᠬᠦ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ 416 ᠡᠷᠦᠬᠡ 763 ᠨᠡᠷ᠎ᠡ ᠬᠢᠨᠠᠨ ᠠᠵᠢᠭᠯᠠᠯᠲᠠ ᠳᠤ ᠪᠠᠶᠢᠭ᠎ᠠ ᠡᠲᠡᠭᠡᠳ ᠲᠤ ᠠᠵᠤ ᠦᠢᠯᠡᠰ᠂ ᠠᠵᠢᠯ ᠣᠯᠭᠤᠯᠲᠠ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠵᠤ᠂  ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠷᠠᠭᠤᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠪᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ 2700 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠤᠷᠮ᠎ᠠ 90.5% ᠳᠤ ᠬᠦᠷᠴᠡᠢ︔ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠰᠦᠯᠢᠶᠥᠦ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ ᠲᠣᠰ ᠲᠣᠰ 90%᠂ 82% ᠠᠴᠠ ᠳᠡᠭᠡᠭᠰᠢ ᠳᠤ ᠬᠦᠷᠦᠭᠦᠯᠵᠦ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠶᠡᠷᠦᠩᠬᠡᠶᠢᠯᠡᠨ ᠰᠢᠢᠳᠪᠦᠷᠢᠯᠡᠵᠦ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠪᠡ᠃      ︵ᠭᠤᠷᠪᠠ︶ ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ ᠠᠯᠬᠤᠴᠠ ᠶᠢ ᠲᠠᠰᠤᠷᠠᠯᠳᠠ ᠦᠭᠡᠢ ᠲᠦᠷᠭᠡᠳᠬᠡᠪᠡ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠲᠠᠰᠤᠷᠠᠯᠲᠠ ᠦᠭᠡᠢ ᠪᠤᠵᠠᠭᠠᠶᠢᠷᠠᠪᠠ᠃ ᠲᠠᠷᠢᠮᠠᠯ ᠤᠨ ᠵᠦᠢᠯ ᠢ 182 ᠲᠦᠮᠡᠨ ᠮᠦ ᠳᠠᠷᠢᠵᠤ᠂ ᠤᠨᠠᠯᠲᠠ ᠶᠢᠨ ᠬᠡᠮᠵᠢᠶ᠎ᠡ 21.9 ᠲᠦᠮᠡᠨ ᠲᠣᠨ ᠳᠤ ᠬᠦᠷᠴᠦ ᠂ ᠡᠭᠦᠨ ᠳᠤ ︽ᠬᠤᠶᠠᠷ ᠪᠤᠭᠤᠳᠠᠢ ᠨᠢᠭᠡ ᠲᠥᠮᠥᠰᠥ︾ ᠶᠢᠨ ᠳᠠᠷᠢᠬᠤ ᠲᠠᠯᠠᠪᠠᠶ 99.5 ᠲᠦᠮᠡᠨ ᠮᠦ ᠳᠤ ᠬᠦᠷᠴᠦ᠂ ᠤᠨᠠᠯᠲᠠ ᠶᠢᠨ ᠬᠡᠮᠵᠢᠶ᠎ᠡ 14 ᠲᠦᠮᠡᠨ ᠲᠣᠨ ᠳᠤ ᠬᠦᠷᠪᠡ︔ 6.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 33 ᠲᠦᠮᠡᠨ ᠮᠦ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠶᠢ ᠬᠡᠷᠡᠭᠵᠢᠭᠦᠯᠪᠡ᠃ 38 ᠢᠳᠡᠰᠢᠨ ᠬᠤᠨᠢᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠵᠤ᠂ 10 ᠬᠤᠲᠠ ᠶᠢᠨ ᠲᠠᠰ ᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠪᠣᠶᠢᠵᠢᠭᠤᠯᠤᠨ᠂ ᠠᠷᠠᠴᠢᠯᠠᠨ ᠲᠡᠵᠢᠭᠡᠵᠦ ᠪᠠᠶᠢᠭ᠎ᠠ ᠮᠠᠯ ᠤᠨ ᠲᠤᠭ᠎ᠠ ᠲᠣᠯᠣᠭᠠᠢ ᠨᠡᠶᠢᠲᠡ 81.8 ᠲᠦᠮᠡ ᠳᠤ ᠬᠦᠷᠪᠡ᠃ ᠦᠷ᠎ᠡ ᠶᠢᠨ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠠᠵᠤ ᠠᠬᠤᠶᠢᠯᠠᠯ ᠢ ᠨᠡᠶᠢᠲᠡ 4 ᠪᠠᠶᠢᠭᠤᠯᠵᠤ᠂ ᠲᠥᠮᠥᠰᠥ ᠶᠢᠨ ᠡᠭᠦᠯᠳᠡᠷ ᠢ 9 ᠵᠦᠢᠯ ᠪᠣᠶᠢᠵᠢᠭᠤᠯᠪᠠ᠃ ᠪᠣᠬᠢᠷᠲᠤᠯ ᠦᠭᠡᠢ ᠢᠳᠡᠭᠡᠨ ᠤ ᠭᠡᠷᠡᠴᠢᠯᠡᠯ 24᠂ ᠨᠠᠷᠠᠲᠤ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 9 ᠶᠢ ᠪᠡᠶᠡᠯᠡᠭᠦᠯᠪᠡ᠃ ︽ᠦᠴᠦᠸᠠᠨ ᠤ ᠨᠣᠶᠢᠯ ᠪᠤᠭᠤᠳᠠᠢ︾ ᠨᠢ 2022 ᠣᠨ ᠤ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ ᠬᠦᠴᠦᠷᠬᠡᠭ ᠪᠡᠯᠭᠡ ᠲᠡᠮᠳᠡᠭ ᠤᠨ ᠴᠢᠨᠠᠷᠲᠠᠢ ᠨᠡᠷᠡᠲᠦ ᠲᠡᠮᠳᠡᠭ ᠢᠶᠠᠷ ᠦᠨᠡᠯᠡᠭᠳᠡᠪᠡ᠃ ᠠᠵᠤ ᠦᠢᠯᠡᠳᠪᠦᠷᠢ ᠶᠢᠨ ᠠᠵᠤ ᠦᠢᠯᠡᠰ ᠯᠠᠪᠳᠠᠭᠤᠨ ᠢᠶᠠᠷ ᠬᠥᠭᠵᠢᠪᠡ᠃ ᠪᠣᠬᠢᠷᠲᠤᠯ ᠦᠭᠡᠢ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠶᠡᠷᠦᠩᠬᠡᠢ ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠪᠡᠶᠡᠯᠡᠭᠦᠯᠦᠨ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ 500 ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 22 ᠬᠡᠷᠡᠭᠵᠢᠭᠦᠯᠵᠦ᠂ 25.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ 7 ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 23.7 ᠳ᠋ᠦᠩᠰᠢᠭᠤᠷ ᠲᠥᠭᠦᠷᠢᠭ ᠪᠡᠶᠡᠯᠡᠭᠦᠯᠪᠡ᠃  ᠶᠤᠸᠠᠨ ᠵᠢᠩ 40 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠳᠠᠭᠤᠰᠬᠠᠪᠠ︔ ᠵᠥᠩ ᠵᠢᠶᠠᠨ ᠪᠦᠦ ᠬᠢᠲᠠᠳ ᠡᠮ ᠤᠨ ᠮᠠᠲ᠋ᠧᠷᠢᠶᠠᠯ ᠪᠣᠯᠪᠠᠰᠤᠷᠠᠭᠤᠯᠬᠤ᠂ ᠰᠢᠦᠢ ᠹᠧᠩ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ ᠵᠡᠷᠭᠡ 18 ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ︔ ᠬᠤᠸᠠ ᠯᠠᠢ ᠱᠢ ᠢᠳᠡᠭᠡᠨ ᠡᠳ᠋ᠰᠢᠭᠦᠯᠬᠦ᠂ ᠶᠢᠨ ᠼᠣᠣ ᠶᠤᠸᠠᠨ ᠬᠡᠪᠴᠢᠶᠡᠵᠢᠭᠦᠯᠦᠭᠰᠡᠨ ᠢᠳᠡᠰᠢᠨ ᠬᠤᠨᠢ ᠶᠢ ᠲᠡᠵᠢᠭᠡᠨ ᠦᠷᠡᠵᠢᠭᠦᠯᠬᠦ ᠵᠢᠴᠢ ᠨᠠᠷᠢᠯᠢᠭ ᠡᠳ᠋ᠰᠢᠭᠦᠯᠬᠦ ᠵᠦᠢᠯᠡᠰ ᠢ ᠲᠦᠷᠭᠡᠪᠴᠢᠯᠡᠨ ᠪᠦᠲᠦᠭᠡᠨ ᠪᠠᠶᠢᠭᠤᠯᠪᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ 17 ᠲᠥᠷᠥᠯ ᠵᠦᠢᠯ ᠤᠨ 45 ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠪᠠ︔ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ340.1 ᠮᠦ ᠭᠠᠵᠠᠷ ᠰᠢᠷᠣᠢ ᠶᠢ ᠰᠢᠩᠭᠡᠭᠡᠨ ᠰᠢᠢᠳᠪᠦᠷᠢᠯᠡᠵᠦ᠂ ᠣᠨ ᠤ ᠡᠭᠦᠷᠭᠡ ᠪᠠᠨ 130.8% ᠪᠠᠷ ᠪᠡᠶᠡᠯᠡᠭᠦᠯᠪᠡ︔ 43.2 ᠮᠦ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠵᠦ᠂ ᠣᠨ ᠤ ᠡᠭᠦᠷᠭᠡ ᠪᠠᠨ 108% ᠪᠠᠷ ᠪᠡᠶᠡᠯᠡᠭᠦᠯᠪᠡ︔ 2506 ᠲᠦᠮᠡᠨ ᠲᠥᠭᠦᠷᠢᠭ ᠤᠨ ᠲᠣᠨᠣᠮᠡᠯ ᠪᠡᠯᠡ ᠮᠥᠩᠭᠦ ᠶᠢ ᠠᠮᠢᠳᠤᠯᠢᠭᠵᠢᠭᠤᠯᠤᠨ ᠬᠡᠷᠡᠭᠯᠡᠪᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢ ᠶᠢ ᠪᠠᠬᠢᠵᠢᠭᠦᠯᠪᠡ᠃ ᠬᠠᠳᠠᠲᠤ ᠬᠠᠭᠠᠯᠭ᠎ᠠ ᠶᠢᠨ ᠡᠵᠡᠩᠨᠡᠯᠲᠡ ᠶᠢᠨ ᠡᠷᠬᠡ ᠶᠢ ᠬᠤᠷᠢᠶᠠᠨ ᠠᠪᠴᠤ᠂ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠰᠠᠭᠤᠷᠢ ᠲᠠᠯᠪᠢᠪᠠ᠃ ᠨᠠᠭᠤᠷ ᠤᠨ ᠰᠢᠯᠢ ᠥᠨᠳᠥᠷ ᠠᠭᠤᠯᠠ ᠲᠠᠯ᠎ᠠ ᠨᠤᠲᠤᠭ ᠤᠨ ᠵᠢᠭᠤᠯᠴᠢᠯᠠᠯ ᠤᠨ ᠦᠢᠯᠡᠴᠢᠯᠡᠭᠡᠨ ᠤ ᠲᠥᠪ ᠵᠢᠴᠢ ᠲᠡᠷᠭᠡᠨ ᠵᠣᠭᠰᠣᠭᠠᠯ ᠢ ᠡᠬᠢᠯᠡᠨ ᠪᠠᠶᠢᠭᠤᠯᠵᠤ᠂  ᠬᠤᠤ ᠰᠢᠤ ᠱᠠᠨ ᠤ ᠵᠠᠰᠠᠭ ᠤᠨ ᠣᠷᠳᠤᠨ ᠤ ᠬᠠᠭᠤᠴᠢᠨ ᠪᠠᠭᠤᠷᠢ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ ᠰᠠᠭᠤᠷᠢᠨ ᠭᠠᠵᠠᠷ ᠤᠨ ᠦᠵᠡᠭᠦᠯᠦᠯᠭᠡ ᠶᠢᠨ ᠣᠷᠳᠣᠨ ᠢ ᠰᠢᠨ᠎ᠡ ᠪᠠᠷ ᠪᠠᠶᠢᠷᠢᠯᠠᠭᠤᠯᠵᠤ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ᠂ ᠳᠠᠯᠠᠨ ᠬᠠᠷ᠎ᠠ ᠠᠭᠤᠯᠠ ᠶᠢᠨ ᠵᠢᠭᠤᠯᠴᠢᠯᠠᠯ ᠤᠨ ᠤᠯᠠᠭ᠎ᠠ ᠥᠷᠲᠡᠭᠡ ᠶᠢᠨ ᠭᠤᠣᠯ ᠴᠣᠭᠴᠠᠲᠤ ᠢᠨᠵᠧᠨᠧᠷᠢᠩ ᠢ ᠳᠠᠭᠤᠰᠬᠠᠵᠤ᠂ ᠳᠡᠷᠡᠰᠦᠲᠦ ᠶᠢᠨ ᠠᠶᠢᠯ ᠤᠨ ᠪᠤᠬ᠎ᠠ ᠲᠡᠷᠭᠡᠨ ᠤ ᠠᠶᠢᠮᠠᠭ ᠤᠨ ᠠᠵᠢᠯ ᠢ ᠦᠨᠳᠦᠰᠦᠨ ᠳᠡᠭᠡᠨ ᠳᠠᠭᠤᠰᠬᠠᠪᠠ᠃ ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠳᠤᠷᠠᠰᠬᠠᠯᠲᠤ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠴᠡᠭ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠦ᠋ ᠳ᠋ᠣᠣ ᠭᠧᠦ ᠲᠣᠰᠬᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠣᠰᠬᠤᠨ ᠤ ᠴᠣᠯᠠ ᠶᠢ ᠭᠥᠷᠳᠡᠪᠡ᠃      ︵ᠳᠥᠷᠪᠡ︶ ᠠᠮᠢ ᠠᠬᠤᠢ ᠶᠢ ᠴᠢᠩᠭ᠎ᠠ ᠠᠳᠬᠤᠵᠤ᠂ ᠵᠠᠰᠠᠯᠲᠠ ᠶᠢ ᠴᠢᠬᠤᠯᠠᠴᠢᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠬᠡᠷᠡᠭᠵᠢᠭᠦᠯᠪᠡ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠶ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ᠂ ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠬᠦ᠂ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ᠵᠡᠷᠭᠡ ᠶᠢ 21.7 ᠲᠦᠮᠡᠨ ᠮᠦ ᠬᠡᠷᠡᠭᠵᠢᠭᠦᠯᠵᠦ᠂ 15.1 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠪᠠ᠃ 5 ᠲᠦᠮᠡᠨ ᠮᠦ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠡᠭᠦᠷᠭᠡ ᠶᠢ ᠪᠦᠬᠦᠨ ᠢ ᠪᠡᠶᠡᠯᠡᠭᠦᠯᠪᠡ᠃ 14 ᠵᠠᠰᠠᠭ ᠵᠠᠬᠢᠷᠭᠠᠨ ᠤ ᠲᠣᠰᠬᠤᠨ ᠤ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠦᠬᠦᠨ ᠢ ᠪᠠᠷᠢᠵᠤ ᠳᠠᠭᠤᠰᠬᠠᠵᠤ᠂ ᠨᠣᠭᠤᠭᠠᠷᠠᠭᠤᠯᠤᠯᠲᠠ ᠶᠢᠨ ᠲᠠᠯᠠᠪᠠᠶ ᠶᠢ 68 ᠮᠦ ᠰᠢᠨ᠎ᠡ ᠪᠠᠷ ᠨᠡᠮᠡᠭᠳᠡᠭᠦᠯᠵᠦ᠂ 403 ᠮᠦ ᠥᠭᠡᠷᠡᠴᠢᠯᠡᠨ ᠰᠠᠶᠢᠵᠢᠷᠠᠭᠤᠯᠪᠠ᠃ ᠪᠥᠬᠦ ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ 62.4% ᠳᠤ ᠬᠥᠷᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ 9 ᠪᠦᠯᠦᠭ ᠤᠳᠠᠭ᠎ᠠ ᠶᠢᠨ 10 ᠬᠡᠷᠡᠭ ᠢ ᠪᠦᠬᠦᠨ ᠢ ᠴᠠᠭ ᠲᠤᠬᠠᠢ ᠳᠤᠨᠢ ᠰᠢᠢᠳᠪᠦᠷᠢᠯᠡᠪᠡ᠃ ᠬᠤᠸᠠᠷ ᠫᠤᠤᠵᠢᠩ ᠲᠠᠯᠪᠢᠬᠤ ᠶᠢ ᠴᠢᠩᠭ᠎ᠠ ᠬᠢᠵᠠᠭᠠᠷᠯᠠᠵᠤ᠂ ᠨᠡᠭᠦᠷᠡᠰᠦ ᠰᠢᠲᠠᠭᠠᠬᠤ ᠭᠦᠸᠧᠯᠦ ᠪᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠠᠰᠠᠯᠲᠠ ᠶᠢ ᠲᠦᠷᠭᠡᠳᠬᠡᠨ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠬᠤ ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ PM2.5᠂ PM10  ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠴᠥᠮ 100% ᠳᠤ ᠬᠦᠷᠴᠦ᠂ ᠰᠢᠯᠢᠳᠡᠭ ᠰᠠᠶᠢᠨ ᠡᠳᠦᠷ ᠤᠨ ᠲᠤᠭ᠎ᠠ 290 ᠡᠳᠦᠷ ᠪᠠᠶᠢᠵᠦ᠂ 86.1% ᠶᠢ ᠡᠵᠡᠯᠡᠵᠦ᠂ ᠠᠭᠠᠷ ᠮᠠᠨᠳᠠᠯ ᠤᠨ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠢᠯᠡᠳᠲᠡ ᠰᠠᠶᠢᠵᠢᠷᠠᠭᠤᠯᠪᠠ᠃ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 31 ᠭᠤᠣᠯ ᠮᠥᠷᠡᠨ ᠤ ︽ᠨᠢᠭᠡ ᠭᠤᠤᠯ ᠳᠤ ᠨᠢᠭᠡ ᠠᠷᠭ᠎ᠠ ᠠᠪᠬᠤ︾ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠭᠤᠣᠯ ᠤᠨ ᠵᠠᠮ ᠤᠨ ᠬᠤᠭ ᠨᠣᠪᠰᠢ ᠶᠢ 1.5 ᠲᠦᠮᠡᠨ ᠪᠣᠰᠤᠭ᠎ᠠ ᠳᠥᠷᠪᠡᠯᠵᠢᠨ ᠮᠧᠲᠷ ᠴᠡᠪᠡᠷᠯᠡᠪᠡ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠢᠨᠵᠧᠨᠧᠷᠢᠩ᠂ ᠬᠥᠬᠡ ᠡᠷᠭᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠮᠦᠨ᠎ᠡ ᠦᠵᠦᠭᠦᠷ ᠤᠨ ᠪᠣᠬᠢᠷ ᠤᠰᠤ ︵ ᠶᠢᠨ ᠰᠠᠨ ᠵᠢᠶᠥᠥ︶ ᠶᠢ ᠤᠷᠢᠳᠴᠢᠯᠠᠨ ᠰᠢᠢᠳᠪᠦᠷᠢᠯᠡᠬᠦ ᠪᠡᠯᠡᠳᠬᠡᠮᠵᠢ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠡᠳᠦᠷ ᠤᠨ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ 5000 ᠲᠣᠨ ᠰᠢᠨ᠎ᠡ ᠪᠠᠷ ᠨᠡᠮᠡᠭᠳᠡᠭᠦᠯᠵᠦ᠂ ᠪᠣᠬᠢᠷ ᠤᠰᠤ ᠶᠢ ᠬᠤᠷᠢᠶᠠᠪᠠᠰᠤ ᠵᠣᠬᠢᠬᠤ ᠶᠢ ᠪᠦᠬᠦᠨ ᠢ ᠬᠤᠷᠢᠶᠠᠬᠤ ᠶᠢ ᠪᠡᠶᠡᠯᠡᠭᠦᠯᠪᠡ᠃ ᠬᠥᠬᠡ ᠡᠷᠭᠢ ᠪᠠᠯᠭᠠᠰᠤ ᠶᠢᠨ ᠵᠡᠭᠦᠨ ᠲᠣᠭᠤᠷᠢᠭ ᠤᠨ ᠬᠤᠲᠠ ᠪᠠᠯᠭᠠᠰᠤ ᠶᠢᠨ ᠬᠤᠭᠤᠯᠠᠢ ᠶᠢᠨ ᠲᠣᠣᠷ ᠢ ᠥᠭᠡᠷᠡᠴᠢᠯᠡᠬᠦ ᠲᠥᠷᠥᠯ ᠵᠦᠢᠯ ᠢ ᠡᠬᠢᠯᠡᠭᠦᠯᠦᠨ ᠪᠠᠶᠢᠭᠤᠯᠵᠤ᠂ ᠪᠣᠷᠣᠭᠠᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠢ 2.6 ᠺᠢᠯᠣᠮᠧᠲᠷ ᠰᠠᠯᠭᠠᠬᠤ ᠶᠢ ᠪᠡᠶᠡᠯᠡᠭᠦᠯᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠵᠤ᠂ ︽ᠡᠷᠤᠭᠡ ᠲᠠᠷᠬᠠᠭᠠᠬᠤ᠂ ᠭᠠᠴᠠᠭ᠎ᠠ ᠴᠤᠭᠯᠠᠭᠤᠯᠬᠤ᠂ ᠰᠢᠶᠠᠩ ︵ᠪᠠᠯᠭᠠᠰᠤ︶ ᠳᠠᠮᠵᠢᠭᠤᠯᠤᠨ ᠲᠡᠭᠡᠭᠡᠪᠦᠷᠢᠯᠡᠬᠦ᠂ ᠰᠢᠶᠠᠨ ᠠᠴᠠ ᠰᠢᠢᠳᠪᠦᠷᠢᠯᠡᠬᠦ︾ ᠵᠠᠭᠪᠤᠷ ᠢ ᠠᠪᠴᠤ᠂ 8 ᠬᠤᠭ ᠨᠣᠪᠰᠢ ᠰᠢᠲᠠᠭᠠᠬᠤ ᠦᠷᠳᠡᠭᠡ ᠶᠢ ᠡᠬᠢᠯᠡᠭᠦᠯᠦᠨ ᠪᠠᠶᠢᠭᠤᠯᠵᠤ᠂ 11 ᠬᠤᠭ ᠨᠣᠪᠰᠢ ᠶᠢ ᠲᠦᠷ ᠬᠠᠳᠠᠭᠠᠯᠠᠬᠤ ᠴᠡᠭ ᠪᠠᠶᠢᠭᠤᠯᠵᠤ᠂  ᠬᠤᠭ ᠨᠣᠪᠰᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ 85 ᠵᠠᠰᠠᠭ ᠵᠠᠬᠢᠷᠭᠠᠨ ᠤ ᠭᠠᠴᠠᠭ᠎ᠠ ᠶᠢ ᠬᠠᠮᠤᠷᠴᠤ᠂ ᠪᠦᠷᠬᠦᠴᠡ ᠶᠢᠨ ᠨᠤᠷᠮ᠎ᠠ 91.3% ᠳᠤ ᠬᠦᠷᠪᠡ᠃ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠴᠢᠩᠭ᠎ᠠ ᠠᠳᠬᠤᠵᠤ᠂ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ ᠪᠠ ᠪᠦᠬᠦ ᠠᠮᠢᠳᠤ ᠪᠣᠳᠠᠰ ᠵᠠᠳᠠᠷᠠᠭᠤᠯᠵᠤ ᠳᠡᠶᠢᠯᠬᠦ ᠰᠦᠯᠢᠶᠥᠦ ᠪᠦᠷᠬᠦᠪᠴᠢ ᠶᠢ 10.7 ᠲᠦᠮᠡᠨ ᠮᠦ ᠬᠡᠷᠡᠭᠯᠡᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠷᠡᠭᠯᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 3.6% ᠪᠠ 2% ᠢᠶᠠᠷ ᠪᠠᠭᠠᠰᠪᠠ᠃      ︵ᠲᠠᠪᠤ︶ ᠳᠤᠲᠠᠭᠤᠳᠠᠯ ᠢ ᠨᠥᠬᠦᠪᠦᠷᠢᠯᠡᠵᠦ᠂ ᠰᠠᠭᠤᠷᠢ ᠶᠢ ᠪᠠᠲᠤᠳᠬᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠪᠠᠬᠢᠵᠢᠭᠦᠯᠪᠡ᠃  ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠪᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ︽ᠭᠤᠷᠪᠠᠨ ᠲᠣᠭᠤᠷᠢᠭ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠴᠢᠬᠤᠯᠠ ᠦᠷ᠎ᠡ ᠪᠦᠲᠦᠭᠡᠯ ᠣᠯᠪᠠ᠃ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠶᠠᠨ ᠤ ᠬᠤᠲᠠ ᠶᠢ ᠦᠷᠭᠦᠯᠵᠢᠯᠡᠨ ᠲᠦᠯᠬᠢᠨ ᠠᠬᠢᠭᠤᠯᠪᠠ᠃ 23 ᠬᠠᠭᠤᠴᠢᠷᠠᠭᠰᠠᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠪᠠ 7 ᠰᠠᠭᠤᠭᠠᠯᠢ ᠲᠣᠭᠤᠷᠢᠭ ᠤᠨ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 873 ᠡᠷᠦᠬᠡ ᠶᠢᠨ 2619 ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠬᠥᠬᠡ ᠡᠷᠭᠢ ᠪᠠᠯᠭᠠᠰᠤᠨ ᠤ ᠬᠤᠲᠠ ᠶᠢᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠵᠢᠴᠢ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠥᠷᠥᠯ ᠵᠦᠢᠯ ᠤᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠤᠰᠤ ᠬᠠᠩᠭᠠᠬᠤ ᠬᠤᠭᠤᠯᠠᠢ ᠶᠢᠨ ᠲᠣᠣᠷ ᠢ 19.2 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠢ 85% ᠪᠠᠷ ᠪᠡᠶᠡᠯᠡᠭᠦᠯᠪᠡ᠃ ᠬᠤᠲᠠ ᠪᠠᠯᠭᠠᠰᠤ ᠶᠢᠨ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ 3730 ᠡᠷᠦᠬᠡ ᠶᠢᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ᠂ ᠳᠠᠯᠳᠠ ᠬᠡᠮ ᠲᠠᠢ 14 ᠡᠷᠦᠬᠡ ᠶᠢᠨ ᠭᠡᠷ ᠪᠠᠶᠢᠰᠢᠩ ᠢ ᠴᠡᠭᠴᠡᠯᠡᠨ ᠥᠭᠡᠷᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ 28 ᠤᠰᠤ ᠪᠠᠷ ᠴᠡᠪᠡᠷᠰᠢᠭᠦᠯᠬᠦ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠭᠰᠠᠨ ᠪᠠ ᠰᠡᠯᠪᠢᠨ ᠵᠠᠰᠠᠵᠤ᠂ 5000 ᠭᠠᠷᠤᠢ ᠬᠠᠤᠯᠢ ᠪᠤᠰᠤ ᠵᠢᠵᠢᠭ ᠵᠠᠷ ᠢ ᠴᠡᠪᠡᠷᠯᠡᠵᠦ᠂ 770 ᠭᠠᠷᠤᠢ ᠳᠡᠯᠭᠡᠭᠦᠷ ᠤᠨ ᠭᠠᠳᠠᠨᠠᠬᠢ ᠳᠡᠯᠭᠡᠭᠦᠷ᠂ 513 ᠵᠠᠮ ᠡᠵᠡᠯᠡᠨ ᠡᠵᠡᠩᠨᠡᠭᠰᠡᠨ ᠢ ᠴᠡᠭᠴᠡᠯᠡᠨ ᠵᠠᠰᠠᠪᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠤᠷᠬᠤ ᠬᠡᠪᠴᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ 81 ᠰᠠᠭᠤᠭᠠᠯᠢ ᠲᠣᠭᠤᠷᠢᠭ ᠲᠤ ᠠᠳᠠᠯ ᠠᠬᠤᠢ ᠶᠢ ᠪᠦᠷᠢᠨ ᠲᠣᠬᠢᠷᠠᠭᠤᠯᠵᠤ᠂ ᠬᠠᠮᠢᠶᠠᠷᠬᠤ ᠬᠥᠮᠥᠨ ᠦᠭᠡᠢ ᠪᠠᠶᠢᠭᠰᠠᠨ ᠠᠴᠠ ᠪᠠᠨ ᠬᠠᠮᠢᠶᠠᠷᠤᠯᠲᠠ ᠶᠢᠨ ︽ᠡᠮᠬᠢ ᠵᠢᠷᠤᠮ ᠲᠠᠢ︾ ᠪᠣᠯᠭᠠᠬᠤ ᠶᠢ ᠪᠡᠶᠡᠯᠡᠭᠦᠯᠪᠡ᠃ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠪᠡ᠃ ᠮᠤᠵᠢ ᠶᠢᠨ ᠵᠠᠮ 311 ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ 5.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ ᠬᠡᠷᠡᠭᠵᠢᠭᠦᠯᠵᠦ᠂ 1601.8 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠰᠢᠶᠠᠩ ᠪᠠᠯᠭᠠᠰᠤᠨ ᠤ ᠬᠠᠲᠠᠭᠤᠷᠠᠭᠤᠯᠤᠭᠰᠠᠨ ᠵᠠᠮ ᠤᠨ ᠰᠠᠭᠠᠳ ᠦᠭᠡᠢ ᠨᠡᠪᠲᠡᠷᠡᠭᠰᠡᠨ ᠨᠣᠷᠮ᠎ᠠ ᠶᠢ 100% ᠳᠤ ᠬᠦᠷᠭᠡᠪᠡ᠃ 5 ᠺᠢᠯᠣᠮᠧᠲᠷ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠂ 17 ᠭᠠᠵᠠᠷ ᠢᠯᠴᠢ ᠰᠣᠯᠢᠯᠴᠠᠬᠤ ᠦᠷᠳᠡᠭᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠪᠡ᠃ ᠰᠢᠲᠠᠮᠠᠬᠠᠶ ᠬᠡᠶ ᠶᠢᠨ ᠬᠤᠭᠤᠯᠠᠢ ᠶᠢ 1.1 ᠺᠢᠯᠣᠮᠧᠲᠷ ᠰᠢᠨ᠎ᠡ ᠪᠠᠷ ᠳᠡᠪᠢᠰᠴᠦ᠂ ᠰᠢᠲᠠᠮᠠᠬᠠᠶ ᠬᠡᠶ ᠶᠢᠨ ᠬᠡᠷᠡᠭᠯᠡᠭᠴᠢ ᠶᠢᠨ ᠡᠷᠦᠬᠡ ᠶᠢᠨ ᠲᠤᠭ᠎ᠠ 9780 ᠳᠤ ᠬᠦᠷᠪᠡ᠃      ︵ᠵᠢᠷᠭᠤᠭ᠎ᠠ︶ ᠥᠭᠡᠷᠡᠴᠢᠯᠡᠯᠲᠡ ᠶᠢ ᠰᠢᠨᠲᠠᠷᠠᠰᠢ ᠦᠭᠡᠢ ᠠᠳᠬᠤᠵᠤ᠂ ᠦᠢᠯᠡᠴᠢᠯᠡᠭᠡ ᠪᠠᠨ ᠴᠢᠩᠭᠠᠳᠬᠠᠨ᠂ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ 1605 ᠵᠦᠢᠯ ᠤᠨ ᠵᠠᠰᠠᠭ ᠵᠠᠬᠢᠷᠭᠠᠨ ᠤ ᠦᠢᠯᠡᠴᠢᠯᠡᠭᠡᠨ ᠤ ᠵᠦᠢᠯᠡᠰ᠂ 778 ᠵᠦᠢᠯ ᠤᠨ ᠬᠢᠨᠠᠨ ᠬᠠᠮᠢᠶᠠᠷᠬᠤ ᠵᠦᠢᠯᠡᠰ᠂ 749 ᠵᠦᠢᠯ ᠤᠨ ᠪᠠᠶᠢᠴᠠᠭᠠᠯᠲᠠ ᠶᠢ ᠬᠡᠷᠡᠭᠵᠢᠭᠦᠯᠬᠦ ᠨᠠᠷᠢᠨ ᠬᠠᠭᠤᠳᠠᠰᠤ ᠶᠢ ᠲᠣᠭᠲᠠᠭᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠲᠠᠪᠴᠠᠩ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠵᠤ᠂ 97 ᠵᠦᠢᠯ ᠤᠨ ᠡᠷᠬᠡ ᠣᠯᠭᠤᠬᠤ ᠵᠦᠢᠯᠡᠰ ᠢ ᠳᠣᠷᠣᠭᠰᠢ ᠪᠠᠭᠤᠯᠭᠠᠪᠠ᠃  ︽ᠮᠥᠩᠬᠡ ᠰᠤᠪᠠᠭ · ᠳᠥᠷᠪᠡᠨ ᠭᠦᠢᠴᠡᠳᠬᠡᠬᠦ︾ ᠶᠢ 1300 ᠭᠠᠷᠤᠢ ᠭᠦᠢᠴᠡᠳᠬᠡᠪᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠨᠡᠭᠦᠯᠭᠡᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠵᠠᠰᠠᠭ ᠤᠨ ᠶᠠᠪᠤᠳᠠᠯ ᠤᠨ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡ ᠶᠢ ᠵᠡᠷᠭᠡ ᠪᠠᠷ ᠲᠦᠯᠬᠢᠨ ᠠᠬᠢᠭᠤᠯᠵᠤ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ︾ ᠰᠢᠨ᠎ᠡ ᠵᠠᠭᠪᠤᠷ ᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠡᠶᠢᠲᠡ 1.3 ᠲᠦᠮᠡᠨ ᠬᠤᠪᠢ ᠭᠦᠢᠴᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100% ᠳᠤ ᠬᠥᠷᠪᠡ᠃ ᠭᠦᠢᠴᠡᠳᠬᠡᠬᠦ ᠵᠦᠢᠯᠡᠰ ᠤᠨ ᠴᠠᠭ ᠤᠨ ᠬᠢᠵᠠᠭᠠᠷ ᠢ 81.8% ᠪᠠᠷ ᠪᠠᠭᠠᠰᠬᠠᠪᠠ᠂ ᠳᠠᠷᠤᠢ ᠭᠦᠢᠴᠡᠳᠬᠡᠬᠦ ᠵᠦᠢᠯᠡᠰ ᠤᠨ ᠬᠠᠷᠢᠴᠠᠯ ᠤᠨ ᠨᠣᠷᠮ᠎ᠠ 69% ᠪᠠᠶᠢᠵᠤ᠂ ᠬᠠᠮᠤᠭ ᠤᠨ ᠤᠯᠠᠨ ᠳᠠᠭᠠᠨ ᠨᠢᠭᠡ ᠤᠳᠠᠭ᠎ᠠ ᠭᠦᠶᠦᠬᠦ ᠵᠦᠢᠯᠡᠰ ᠤᠨ ᠬᠠᠷᠢᠴᠠᠯ ᠤᠨ ᠨᠣᠷᠮ᠎ᠠ 99.4% ᠪᠠᠶᠢᠵᠤ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 92.4% ᠪᠠᠶᠢᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠮᠡᠳᠡᠭᠦᠯᠦᠨ ᠤᠭᠰᠠᠷᠠᠬᠤ ᠵᠦᠢᠯᠡᠰ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ ᠢᠨᠵᠧᠨᠧᠷᠢᠩ ᠤᠨ ᠬᠦᠷᠢᠶᠡᠨ ᠳᠠᠬᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠪᠠ᠃      ︵ᠳᠣᠯᠤᠭ᠎ᠠ︶ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠬᠦᠴᠦᠯᠡᠨ ᠬᠢᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠲᠦᠮᠡᠨ ᠤ ᠪᠤᠶᠠᠨ ᠵᠢᠷᠭᠠᠯ ᠢ ᠢᠯᠡᠳᠲᠡ ᠳᠡᠭᠡᠭᠰᠢᠯᠡᠭᠦᠯᠪᠡ᠃ ᠬᠢᠵᠠᠭᠠᠷᠲᠠᠢ ᠡᠳ᠋ ᠤᠨ ᠬᠦᠴᠦᠨ ᠢ ᠠᠷᠠᠳ ᠤᠨ ᠠᠮᠢᠳᠤᠷᠠᠯ ᠲᠡᠶᠢᠰᠢ ᠬᠡᠯᠪᠡᠶᠢᠯᠭᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 85%  ᠠᠴᠠ ᠳᠡᠭᠡᠭᠰᠢ ᠶᠢ ᠡᠵᠡᠯᠡᠪᠡ᠃ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠪᠠ᠃ ᠪᠦᠬᠦ ᠵᠢᠯ ᠳᠤ ᠬᠤᠳᠠ ᠪᠠᠯᠭᠠᠰᠤᠨ ᠳᠤ 871 ᠬᠥᠮᠥᠨ ᠰᠢᠨ᠎ᠡ ᠪᠠᠷ ᠠᠵᠢᠯ  ᠣᠯᠵᠤ᠂ ᠠᠵᠢᠯ ᠠᠯᠳᠠᠭᠰᠠᠨ 641 ᠬᠥᠮᠥᠨ ᠲᠠᠬᠢᠨ ᠠᠵᠢᠯ ᠣᠯᠵᠤ᠂ ᠠᠵᠢᠯ ᠣᠯᠬᠤ ᠳᠤ ᠬᠦᠴᠢᠷᠲᠡᠢ 221 ᠬᠥᠮᠥᠨ ᠲᠠᠬᠢᠨ ᠠᠵᠢᠯ ᠣᠯᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ 3% ᠪᠠᠶᠢᠵᠤ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠨᠢ 4.8 ᠲᠦᠮᠡᠨ ᠬᠥᠮᠦᠨ ᠳᠤ ᠬᠥᠷᠪᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 96% ᠳᠤ ᠬᠦᠷᠴᠦ᠂ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ 95.9% ᠳᠤ ᠬᠦᠷᠪᠡ᠂ ᠡᠭᠦᠨ ᠳᠤ 4.3 ᠲᠦᠮᠡᠨ ᠣᠨᠴᠠᠭᠠᠶ ᠬᠥᠮᠥᠰ ᠳᠠᠭᠠᠳᠬᠠᠯ ᠳᠤ ᠣᠷᠣᠯᠴᠠᠵᠤ᠂ ᠪᠥᠬᠦ ᠬᠤᠲᠠ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 100% ᠪᠠᠷ ᠪᠡᠶᠡᠯᠡᠭᠦᠯᠬᠦ ᠬᠠᠷᠠᠯᠲᠠ ᠶᠢᠨ ᠡᠭᠦᠷᠭᠡ ᠶᠢ ᠡᠩ ᠲᠡᠷᠢᠭᠦᠨ ᠳᠤ ᠪᠡᠶᠡᠯᠡᠭᠦᠯᠪᠡ᠃ ᠡᠯ᠎ᠡ ᠲᠥᠷᠥᠯ ᠤᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠮᠥᠩᠭᠦ ᠪᠠ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ 1.73 ᠳ᠋ᠦᠩᠰᠢᠭᠤᠷ ᠲᠥᠭᠦᠷᠢᠭ ᠲᠠᠷᠬᠠᠭᠠᠵᠤ᠂ 38769 ᠡᠷᠦᠬᠡ 50770 ᠬᠥᠮᠥᠨ ᠳᠤ ᠠᠰᠢᠭ ᠬᠦᠷᠲᠡᠭᠡᠪᠡ᠃ ᠴᠡᠷᠢᠭ ᠠᠴᠠ ᠬᠠᠯᠠᠭᠳᠠᠭᠰᠠᠳ ᠤᠨ ᠠᠰᠠᠷᠠᠮᠵᠢ   ᠶᠢᠨ ᠮᠥᠩᠭᠦ᠂ ᠠᠮᠢᠳᠤᠷᠠᠯ ᠤᠨ ᠨᠥᠬᠦᠪᠦᠷᠢ ᠮᠥᠩᠭᠦ᠂ ᠬᠠᠷᠠᠭᠠᠯᠵᠠᠯ ᠤᠨ ᠮᠥᠩᠭᠦ ᠵᠡᠷᠭᠡ ᠶᠢ 937 ᠲᠦᠮᠡᠨ ᠲᠥᠭᠦᠷᠢᠭ ᠲᠠᠷᠬᠠᠭᠠᠪᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ 302 ᠬᠥᠳᠡᠯᠮᠦᠷᠢᠴᠢᠨ ᠳᠤ 707.9 ᠲᠦᠮᠡᠨ ᠲᠥᠭᠦᠷᠢᠭ ᠨᠡᠬᠡᠮᠵᠢᠯᠡᠨ ᠠᠪᠴᠤ ᠥᠭᠪᠡ᠃ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠤᠷᠢᠬᠤ︾᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠥᠷᠢᠰᠦᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠰᠢᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠭᠰᠢ ᠨᠠᠷ ᠤᠨ ᠠᠵᠢᠯ ᠮᠡᠷᠭᠡᠵᠢᠯ ᠤᠨ ᠲᠠᠯ᠎ᠠ ᠪᠠᠷ ᠬᠤᠶᠢᠷᠭᠤᠰᠢᠬᠤ ᠬᠦᠴᠢᠷ ᠠᠰᠠᠭᠤᠳᠠᠯ ᠢ ᠪᠦᠲᠦᠮᠵᠢᠲᠡᠶ ᠪᠠᠷ ᠨᠠᠮᠳᠠᠭᠤᠯᠪᠠ︔ ᠪᠥᠬᠦ ᠵᠢᠯ ᠳᠤ 48 ᠪᠠᠭᠰᠢ ᠡᠯᠰᠡᠵᠦ᠂ ᠪᠠᠭᠰᠢ ᠶᠢᠨ ᠬᠦᠴᠦᠨ ᠤᠯᠠᠮ ᠨᠢᠭᠡ ᠠᠯᠬᠤᠮ ᠴᠢᠩᠭᠠᠷᠠᠪᠠ︔ 5170 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠡᠬᠢᠯᠡᠭᠦᠯᠦᠨ ᠪᠠᠶᠢᠭᠤᠯᠵᠤ᠂ ᠭᠤᠣᠯ ᠴᠣᠭᠴᠠ ᠶᠢᠨ ᠢᠨᠵᠧᠨᠧᠷᠢᠩ ᠢ ᠦᠨᠳᠦᠰᠦᠨ ᠳᠡᠭᠡᠨ ᠳᠠᠭᠤᠰᠬᠠᠪᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠷᠢᠴᠠᠯ ᠢ 32% ᠪᠠᠶᠢᠭᠰᠠᠨ ᠠᠴᠠ 70% ᠪᠣᠯᠭᠠᠨ ᠳᠡᠭᠡᠭᠰᠢᠯᠡᠭᠦᠯᠪᠡ︔ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠨ ᠲᠠᠩᠰᠠ ᠲᠠᠶᠢᠯᠬᠤ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠭᠦᠳᠡᠨ ᠡᠮᠨᠡᠯᠭᠡ ᠶᠢᠨ ᠬᠥᠮᠥᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 589% ᠪᠠᠷ ᠨᠡᠮᠡᠭᠳᠡᠨ᠂ ᠲᠠᠩᠰᠠ ᠲᠠᠶᠢᠯᠬᠤ ᠵᠠᠷᠤᠳᠠᠯ ᠠᠳᠠᠯᠢ ᠬᠤᠭᠤᠴᠠᠭᠠᠨ ᠤ ᠬᠢ ᠠᠴᠠ 1094% ᠪᠠᠷ ᠨᠡᠮᠡᠭᠳᠡᠪᠡ︔ ᠬᠠᠯᠳᠠᠪᠤᠷᠢᠲᠤ ᠡᠪᠡᠳᠴᠢᠨ ᠤ ᠶᠡᠷᠦᠩᠬᠡᠶᠢᠯᠡᠭᠰᠡᠨ ᠠᠰᠠᠷ ᠢ ᠡᠬᠢᠯᠡᠨ ᠪᠠᠶᠢᠭᠤᠯᠵᠤ᠂ ᠰᠢᠶᠠᠨ ᠤ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠲᠣᠮᠣ ᠠᠰᠠᠷ ᠤᠨ ᠭᠤᠣᠯ ᠴᠣᠭᠴᠠ ᠶᠢ ᠳᠠᠭᠤᠰᠬᠠᠵᠤ᠂ 1500 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ 200 ᠣᠷᠣ ᠲᠠᠢ ᠳᠡᠳ᠋ ᠲᠣᠭᠲᠠᠭᠰᠠᠨ ᠡᠮᠨᠡᠯᠭᠡ ᠶᠢᠨ ᠬᠤᠷᠢᠶ᠎ᠠ ᠶᠢ ᠤᠳᠠᠯ ᠦᠭᠡᠢ ᠠᠰᠢᠭᠯᠠᠯᠲᠠ ᠳᠤ ᠣᠷᠣᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠤᠨ ᠳᠣᠣᠷᠠᠬᠢ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠶᠠᠰᠤ ᠴᠢᠨᠠᠷ ᠤᠨ ᠬᠦᠴᠦᠷᠬᠡᠭ ᠰᠢᠶᠠᠨ ᠤ ᠠᠵᠢᠯ ᠢ ᠦᠷᠭᠦᠯᠵᠢᠯᠡᠨ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃      ︵ᠨᠠᠢᠮᠠ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠵᠠᠰᠠᠯᠲᠠ ᠶᠢ ᠠᠳᠬᠤᠵᠤ᠂ ᠠᠮᠤᠷ ᠲᠣᠭᠲᠠᠭᠤᠨ ᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠣᠢ ᠪᠣᠯᠭᠠᠪᠠ᠃ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠪᠠᠬᠢᠵᠢᠨ ᠬᠥᠭᠵᠢᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ︽18223 + N︾ ᠡᠭᠦᠳᠦᠨ ᠪᠠᠶᠢᠭᠤᠯᠬᠤ ᠵᠠᠭᠪᠤᠷ ᠢ ᠪᠣᠶ ᠪᠣᠯᠭᠠᠵᠤ᠂ 27 ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠪᠠ᠃ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠠᠶᠤᠯᠲᠠᠢ ᠬᠢᠮᠢ ᠶᠢᠨ ᠪᠣᠳᠠᠰ᠂ ᠬᠤᠳᠠ ᠶᠢᠨ ᠰᠢᠲᠠᠮᠠᠬᠠᠢ ᠬᠡᠢ ᠵᠡᠷᠭᠡ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠯ᠎ᠡ ᠵᠦᠢᠯ ᠤᠨ ᠭᠡᠮ ᠰᠣᠭᠤᠭ ᠢ 1837 ᠵᠤᠷᠪᠤᠰ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠵᠤ᠂ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡ᠊ᠨᠳᠡᠯ ᠭᠠᠷᠤᠭᠰᠠᠨ ᠦᠭᠡᠢ᠃ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠣᠢ ᠪᠣᠯᠭᠠᠪᠠ᠃ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢ ᠪᠠᠶᠢᠭᠤᠯᠪᠠ᠃ ᠲᠥᠪ ᠤᠨ ᠬᠠᠮᠲᠤᠷᠠᠭᠰᠠᠨ ᠠᠯᠪᠠᠨ ᠭᠡᠷ ᠤᠨ ᠲᠤᠰᠢᠶᠠᠨ ᠥᠭᠭᠦᠭᠰᠡᠨ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠪᠠ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠤᠯᠭ᠎ᠠ ᠶᠢᠨ 30 ᠬᠤᠪᠢ ᠬᠡᠷᠡᠭ ᠢ ᠳᠠᠭᠠᠭᠠᠴᠢᠯᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠣᠬᠢᠲᠠᠢ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢ ︽ᠪᠡᠭᠡᠵᠢᠩ ᠳᠤ ᠥᠯᠥ ᠣᠷᠣᠭᠤᠯᠬᠤ︾ ᠶᠢ ᠪᠡᠶᠡᠯᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ ᠰᠠᠷᠢᠭᠠᠯᠠᠬᠤ᠂ ᠢᠳᠡᠭᠡᠨ ᠡᠮ ᠤᠨ ᠵᠦᠢᠯ ᠣᠷᠴᠢᠨ ᠲᠣᠭᠤᠷᠢᠨ᠂ ᠬᠤᠯᠠᠭᠠᠶᠢᠯᠠᠬᠤ ᠪᠤᠯᠢᠶᠠᠬᠤ ᠮᠡᠬᠡᠯᠡᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠨᠡᠶᠢᠭᠡᠮ ᠤᠨ ᠠᠮᠤᠷ ᠲᠦᠪᠰᠢᠨ ᠢ ᠦᠷᠭᠦᠯᠵᠢᠯᠡᠨ ᠰᠠᠶᠢᠵᠢᠷᠠᠭᠤᠯᠪᠠ᠃     ︵ᠶᠢᠰᠦ︶ ᠠᠵᠢᠯ ᠤᠨ ᠰᠤᠷᠲᠠᠯ ᠢᠶᠠᠨ ᠴᠢᠩᠭ᠎ᠠ ᠪᠣᠳᠠᠲᠠᠢ ᠪᠠᠷ ᠬᠤᠪᠢᠷᠠᠭᠤᠯᠵᠤ᠂ ᠳᠦᠷᠢ ᠲᠥᠷᠬᠦ ᠪᠠᠨ ᠪᠣᠶ ᠪᠣᠯᠭᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠭᠦᠨᠵᠡᠭᠡᠶᠢᠷᠡᠭᠦᠯᠦᠨ ᠠᠬᠢᠭᠤᠯᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ᠂ ᠬᠠᠤᠯᠢᠵᠢᠯ ᠤᠨ ᠵᠠᠰᠠᠭ ᠤᠨ ᠣᠷᠳᠣᠨ᠂ ᠦᠢᠯᠡᠴᠢᠯᠡᠭᠡᠨ ᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 51 ᠬᠤᠪᠢ ᠰᠠᠨᠠᠭᠤᠯᠭ᠎ᠠ᠂ 64 ᠬᠤᠪᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ︽ᠳᠥᠷᠪᠡᠨ ᠰᠤᠷᠲᠠᠯ︾ ᠢ ᠵᠠᠯᠠᠷᠠᠭᠤᠯᠬᠤ ᠪᠠᠷ ᠦᠷᠭᠦᠯᠵᠢᠯᠡᠨ ᠬᠦᠴᠦᠯᠡᠨ ᠴᠢᠷᠮᠠᠶᠢᠵᠤ᠂ ᠰᠤᠷᠲᠠᠯ ᠴᠢᠬᠡᠴᠢ ᠣᠪᠣᠷ ᠲᠥᠪ ᠡᠷᠴᠢ ᠵᠣᠷᠢᠭ ᠲᠡᠭᠦᠯᠳᠡᠷ ᠠᠵᠢᠯᠯᠠᠵᠤ ᠦᠢᠯᠡᠰ ᠴᠣᠭᠴᠠᠯᠠᠬᠤ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠪᠡ᠃      ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠬᠢᠨᠠᠨ ᠪᠣᠳᠣᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ ᠠᠰᠠᠷᠠᠨ ᠬᠠᠷᠠᠭᠠᠯᠵᠠᠬᠤ᠂ ᠲᠠᠩᠰᠠ ᠡᠪᠬᠡᠮᠡᠯ ᠲᠡᠦᠬᠡ ᠲᠡᠮᠳᠡᠭᠯᠡᠯ᠂ ᠭᠠᠵᠠᠷ ᠬᠥᠳᠡᠯᠦᠯᠲᠡ ᠴᠠᠭ ᠠᠭᠤᠷ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶᠢᠬᠠᠨ ᠭᠦᠢᠴᠡᠳᠬᠡᠬᠦ᠂ ᠠᠮᠤ ᠪᠤᠳᠠᠭ᠎ᠠ ᠨᠥᠭᠡᠴᠡᠯᠡᠬᠦ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ᠂ ᠭᠠᠯ ᠤᠨᠲᠠᠷᠠᠭᠠᠬᠤ᠂ ᠭᠠᠶᠢᠯᠢ ᠶᠢᠨ ᠶᠠᠪᠤᠳᠠᠯ᠂ ᠪᠠᠶᠢᠴᠠᠭᠠᠯᠲᠠ ᠵᠡᠷᠭᠡ ᠠᠵᠢᠯ ᠢ ᠴᠢᠩᠭᠠᠳᠬᠠᠵᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ᠂ ᠠᠷᠠᠳ ᠤᠨ ᠠᠭᠠᠷ ᠤᠨ ᠰᠡᠷᠭᠡᠶᠢᠯᠡᠯᠲᠡ  ᠶᠢᠨ ᠠᠯᠪᠠᠨ ᠭᠡᠷ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ᠂ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠠᠬᠢᠭᠤᠯᠬᠤ ᠬᠤᠷᠠᠯ᠂  ᠪᠤᠶᠠᠨᠴᠢ ᠦᠢᠯᠡᠰ ᠤᠨ ᠶᠡᠷᠦᠩᠬᠡᠢ ᠨᠡᠶᠢᠭᠡᠮᠯᠢᠭ ᠪᠠ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃      ᠲᠥᠯᠥᠭᠡᠯᠡᠭᠴᠢᠳ ᠠ᠋᠂ ᠡᠨᠡ ᠨᠢᠭᠡ ᠵᠢᠯ ᠢ ᠡᠷᠭᠢᠴᠡᠭᠦᠯᠪᠡᠯ᠂ ᠪᠢᠳᠡᠨ ᠳᠤ ᠲᠤᠯᠭᠠᠷᠠᠭᠰᠠᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠤᠷᠢᠳ ᠡᠮᠦᠨ᠎ᠡ ᠭᠠᠷᠤᠭ᠎ᠠ ᠦᠭᠡᠢ᠂ ᠲᠡᠮᠡᠴᠡᠯ ᠲᠤᠶᠢᠯ ᠤᠨ ᠬᠠᠲᠠᠭᠤᠵᠢᠯᠲᠠᠢ᠂ ᠦᠷ᠎ᠡ ᠪᠦᠲᠦᠮᠵᠢ ᠵᠢᠱᠢᠭᠰᠡᠨ ᠠᠴᠠ ᠰᠠᠶᠢᠨ ᠪᠠᠶᠢᠨ᠎ᠠ᠃ ᠪᠢᠳᠡ ᠭᠦᠨᠵᠡᠭᠡᠢ ᠣᠶᠢᠯᠠᠭᠠᠵᠤ ᠮᠡᠳᠡᠭᠰᠡᠨ ᠨᠢ᠂ ᠦᠴᠦᠸᠠᠨ ᠤ ᠦᠢᠯᠡᠰ ᠢ ᠰᠠᠶᠢᠲᠤᠷ ᠬᠢᠵᠦ᠂ ᠦᠴᠦᠸᠠᠨ ᠤ ᠬᠥᠭᠵᠢᠯᠲᠡ ᠶᠢ ᠠᠬᠢᠭᠤᠯᠬᠤ ᠶᠢᠨ ᠬᠠᠮᠤᠭ ᠤᠨ ᠪᠠᠲᠤ ᠴᠢᠩᠭ᠎ᠠ ᠪᠠᠲᠤᠯᠠᠭ᠎ᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠷ ᠢ ᠡᠵᠡᠮᠳᠡᠨ ᠵᠠᠮᠴᠢᠯᠠᠬᠤ ᠪᠠ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠣᠯᠣᠨ᠎ᠠ᠂ ᠬᠠᠮᠤᠭ ᠤᠨ ᠦᠨᠳᠦᠰᠦᠨ ᠵᠢᠷᠤᠮᠯᠠᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠣᠯᠣᠨ᠎ᠠ᠂ ᠬᠠᠮᠤᠭ ᠤᠨ ᠲᠣᠪᠣᠶᠢᠮ᠎ᠠ ᠭᠤᠣᠯ ᠰᠢᠵᠢᠮ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠦᠴᠦᠸᠠᠨ ᠤ ᠡᠬᠡ ᠭᠠᠵᠠᠷ ᠲᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ᠃ ᠦᠴᠦᠸᠠᠨ ᠤ ᠠᠮᠵᠢᠯᠲᠠ ᠪᠦᠲᠦᠮᠵᠢ ᠣᠯᠣᠭᠰᠠᠨ ᠨᠢ ᠰᠢᠶᠠᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠠᠴᠠ ᠪᠣᠯᠤᠭᠰᠠᠨ ᠶᠤᠮ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠠ ᠠᠷᠠᠳ ᠤᠯᠠᠨ ᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠠᠴᠠ ᠰᠠᠯᠵᠤ ᠴᠢᠳᠠᠬᠤ ᠦᠭᠡᠢ ᠭᠡᠳᠡᠭ ᠢ ᠮᠦᠨᠴᠦ ᠭᠦᠨᠵᠡᠭᠡᠢ ᠣᠶᠢᠯᠠᠭᠠᠵᠤ ᠮᠡᠳᠡᠭᠰᠡᠨ ᠪᠠᠶᠢᠨ᠎ᠠ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ ᠡᠯ᠎ᠡ ᠠᠷᠠᠳ ᠤᠨ ᠪᠦᠯᠬᠦᠮ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠰᠢᠶᠠᠨ ᠳᠤ ᠰᠠᠭᠤᠭ᠎ᠠ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠂ ᠦᠴᠦᠸᠠᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠱᠠᠲᠤᠨ ᠤ ᠤᠳᠤᠷᠢᠳᠤᠯᠭ᠎ᠠ᠂ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠪᠢᠳᠡ ᠪᠠᠰᠠ ᠠᠵᠢᠯ ᠤᠨ ᠳᠤᠮᠳᠠ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠳᠤ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠪᠠ᠂ ᠡᠭᠦᠨ ᠳᠤ ᠭᠤᠣᠯᠳᠠᠭᠤ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠠᠬᠢᠨ ᠳᠠᠪᠲᠠᠨ ᠨᠥᠯᠥᠭᠡ ᠠᠴᠠ ᠪᠣᠯᠵᠤ᠂ ᠠᠵᠤ ᠠᠬᠤᠢ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠣᠨᠴᠠᠭᠠᠶ ᠲᠣᠪᠣᠶᠢᠮ᠎ᠠ︔ ᠭᠤᠣᠯᠯᠠᠭᠴᠢ ᠠᠵᠤ ᠦᠢᠯᠡᠰ ᠤᠨ ᠬᠡᠯᠬᠢᠶ᠎ᠡ ᠣᠬᠤᠷ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠤᠳᠠᠭᠠᠨ᠂ ᠴᠢᠬᠤᠯᠠ ᠶᠡᠭᠡ ᠵᠦᠢᠯᠡᠰ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠬᠦᠷᠦᠯᠴᠡᠬᠦ ᠦᠭᠡᠢ᠂ ᠠᠵᠤ ᠦᠢᠯᠡᠳᠪᠦᠷᠢ ᠶᠢᠨ ᠵᠦᠢᠯᠡᠰ ᠴᠥᠭᠡᠨ᠂ ᠪᠡᠯᠡ ᠣᠷᠣᠭᠤᠯᠤᠯᠲᠠ ᠶᠢᠨ ᠳᠠᠶᠢᠴᠢᠯᠠᠬᠤ ᠴᠢᠳᠠᠪᠤᠷᠢ ᠨᠡᠯᠢᠶᠡᠳ ᠪᠠᠭᠤᠷᠠᠢ︔ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠠᠵᠢᠯᠲᠠᠳ ᠤᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠪᠠᠰᠠ ᠴᠢᠨᠠᠭᠰᠢᠳᠠ ᠳᠡᠭᠡᠭᠰᠢᠯᠡᠭᠦᠯᠬᠦ ᠴᠢᠬᠤᠯᠠ ᠲᠠᠢ᠃ ᠪᠢᠳᠡ ᠵᠠᠪᠠᠯ ᠬᠥᠭᠵᠢᠯᠲᠡ ᠶᠢᠨ ᠳᠤᠮᠳᠠᠬᠢ ᠬᠦᠴᠢᠷᠳᠡᠯ ᠢ ᠴᠢᠬᠤᠯᠠᠴᠢᠯᠠᠨ ᠦᠵᠡᠵᠦ᠂ ᠠᠵᠢᠯ ᠤᠨ ᠳᠤᠮᠳᠠᠬᠢ ᠵᠥᠷᠢᠶ᠎ᠡ ᠳᠤ ᠵᠥᠪ ᠢᠶᠠᠷ ᠬᠠᠨᠳᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠦᠨᠡᠨᠬᠦ ᠰᠢᠢᠳᠪᠦᠷᠢᠯᠡᠬᠦ ᠬᠡᠷᠡᠭᠲᠡᠢ᠃      ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠮᠠᠨ ᠤ ᠰᠢᠶᠠᠨ ᠤ ᠳᠦᠷᠪᠡᠨ ᠠᠵᠤ ᠦᠢᠯᠡᠰ ᠤᠨ ᠰᠠᠭᠤᠷᠢᠨ ᠭᠠᠵᠠᠷ ᠢ ᠴᠣᠭᠴᠠᠯᠠᠬᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠣᠭᠤᠮᠲᠠ ᠰᠢᠪᠲᠤᠯᠬᠤ ᠵᠢᠯ ᠮᠥᠨ᠃ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6.5% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠤᠨ ᠨᠡᠮᠡᠭᠳᠡᠯ ᠤᠨ ᠬᠤᠷᠳᠤᠴᠠ ᠶᠢ 8% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8% ᠠᠴᠠ ᠳᠡᠭᠡᠭᠰᠢ ᠨᠡᠮᠡᠭᠳᠡᠭᠦᠯᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7% ᠪᠠ 8% ᠠᠴᠠ ᠳᠡᠭᠡᠭᠰᠢ ᠨᠡᠮᠡᠭᠳᠡᠭᠦᠯᠦᠨ᠎ᠡ᠃ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠡᠯ᠎ᠡ ᠵᠦᠢᠯ ᠤᠨ ᠭᠦᠢᠴᠡᠳᠬᠡᠯ ᠲᠤᠭ᠎ᠠ ᠬᠤᠲᠠ ᠶᠢᠨ ᠪᠠᠭᠤᠯᠭᠠᠭᠰᠠᠨ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃      ᠳᠡᠭᠡᠷ᠎ᠡ ᠳᠤᠷᠠᠳᠤᠭᠰᠠᠨ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠲᠣᠭᠲᠠᠭᠠᠭᠰᠠᠨ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ︽ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠲᠦᠯᠬᠢᠨ ᠠᠬᠢᠭᠤᠯᠵᠤ᠂ ᠳᠣᠲᠣᠭᠠᠳᠤ ᠬᠡᠷᠡᠭᠴᠡᠭᠡ ᠶᠢ ᠢᠳᠡᠪᠬᠢᠲᠡᠢ ᠪᠠᠷ ᠥᠷᠭᠡᠳᠬᠡᠬᠦ︾ ᠵᠡᠷᠭᠡ ᠠᠯᠢ ᠤᠯᠠᠨ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠠᠰᠢᠭᠲᠠᠢ ᠲᠠᠯ᠎ᠠ ᠶᠢᠨ ᠪᠦᠲᠦᠮᠵᠢᠲᠡᠶ ᠪᠠᠳᠠᠷᠠᠭᠤᠯᠤᠯ ︔ ᠮᠠᠨ ᠤ ᠰᠢᠶᠠᠨ ᠤ ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠵᠠᠯᠭᠠᠪᠡᠷ ᠦᠢᠯᠡᠳᠪᠦᠷᠢᠯᠡᠯ ᠤᠨ ᠴᠢᠳᠠᠪᠤᠷᠢ ᠶᠢ ᠰᠤᠯᠠᠯᠠᠬᠤ ᠬᠤᠭᠤᠴᠠᠭᠠᠨ ᠳᠤ ᠣᠷᠣᠭᠰᠠᠨ ᠤ ᠬᠦᠴᠦᠲᠡᠢ ᠲᠤᠯᠭᠠᠭᠤᠷᠢᠯᠠᠯ︔ ᠥᠷᠭᠡᠨ ᠤᠯᠠᠨ ᠺᠠᠳ᠋ᠷ ᠤᠯᠠᠨ ᠲᠦᠮᠡᠨ ᠤ ᠣᠶᠢᠷ᠎ᠠ ᠶᠢᠨ ᠵᠢᠯ ᠤᠨ ᠲᠤᠷᠰᠢ ᠬᠠᠲᠠᠭᠤᠵᠢᠨ ᠪᠣᠯᠪᠠᠰᠤᠷᠠᠭᠰᠠᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ᠂ ᠰᠢᠨᠲᠠᠷᠠᠰᠢ ᠦᠭᠡᠢ ᠲᠡᠮᠡᠴᠡᠬᠦ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠳᠤ ᠰᠠᠭᠤᠷᠢᠯᠠᠭᠰᠠᠨ ᠶᠤᠮ᠃ ᠳᠡᠭᠡᠷᠡᠬᠢ ᠬᠠᠷᠠᠯᠲᠠ ᠨᠢ ᠶᠠᠰᠤ ᠴᠢᠨᠠᠷ ᠪᠣᠯᠣᠨ ᠬᠤᠷᠳᠤᠴᠠ ᠶᠢ ᠪᠣᠳᠣᠯᠬᠢᠯᠠᠭᠰᠠᠨ ᠮᠥᠷᠲᠡᠭᠡᠨ ᠬᠡᠷᠡᠭᠴᠡᠭᠡ ᠪᠣᠯᠣᠨ ᠪᠣᠯᠣᠮᠵᠢ ᠶᠢ ᠬᠠᠮᠲᠤ ᠳᠤᠨᠢ ᠬᠠᠷᠠᠭᠠᠯᠵᠠᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠲᠤᠰᠬᠠᠭᠰᠠᠨ ᠢᠶᠠᠷ ᠪᠠᠷᠠᠬᠤ ᠦᠭᠡᠢ ᠪᠠᠰᠠ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠠᠬᠢ ᠡᠭᠦᠷᠭᠡᠯᠡᠯ ᠢ ᠬᠠᠷᠠᠭᠤᠯᠵᠠᠢ᠃ ᠡᠳᠡᠭᠡᠷ ᠢ ᠲᠡᠶᠢᠮᠦ ᠬᠢᠯᠪᠠᠷᠬᠠᠨ ᠢᠶᠠᠷ ᠪᠡᠶᠡᠯᠡᠭᠦᠯᠴᠢᠬᠡᠬᠦ ᠪᠢᠰᠢ᠂ ᠪᠢᠳᠡ ᠰᠠᠨᠠᠭᠠᠴᠢᠯᠠᠭ᠎ᠠ ᠠᠴᠠ ᠪᠠᠨ ᠬᠡᠮᠵᠢᠭᠦᠷ ᠢ ᠥᠨᠳᠥᠷ ᠪᠣᠯᠭᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠬᠠᠮᠤᠭ ᠤᠨ ᠰᠠᠶᠢᠨ ᠦᠷ᠎ᠡ ᠳ᠋ᠦᠩ ᠢ ᠲᠡᠮᠡᠴᠡᠨ ᠣᠯᠬᠤ ᠬᠡᠷᠡᠭᠲᠡᠢ᠃      ᠳᠡᠭᠡᠷ᠎ᠡ ᠳᠤᠷᠠᠳᠤᠭᠰᠠᠨ ᠬᠠᠷᠠᠯᠲᠠ ᠲᠠᠢ ᠤᠶᠠᠯᠳᠤᠭᠤᠯᠤᠨ᠂ ᠪᠢᠳᠡ ᠨᠠᠢᠮᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠢ᠃      ︵ᠨᠢᠭᠡ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠵᠦ᠂ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ᠬᠥᠭᠵᠢᠭᠦᠯᠬᠦ ᠪᠠᠷ ᠴᠢᠬᠤᠯᠠ ᠪᠣᠯᠭᠠᠬᠤ᠂ ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠢᠶᠠᠷ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ︽ᠪᠤᠬ᠎ᠠ ᠲᠡᠷᠭᠡ︾ ᠪᠣᠯᠭᠠᠵᠤ᠂ ᠲᠦᠷᠦᠯ ᠵᠦᠢᠯ ᠢ ᠠᠳᠬᠤᠬᠤ ᠪᠠᠷ ᠳᠠᠮᠵᠢᠨ ᠪᠦᠲᠦᠮᠵᠢᠲᠡᠢ ᠪᠡᠯᠡ ᠣᠷᠣᠭᠤᠯᠤᠯᠲᠠ ᠶᠢ ᠠᠬᠢᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃      ᠲᠦᠷᠦᠯ ᠵᠦᠢᠯ ᠢ ᠠᠩᠬᠠᠷᠤᠨ᠎ᠠ᠃ ᠲᠦᠷᠦᠯ ᠵᠦᠢᠯ ᠢ ᠠᠳᠬᠤᠬᠤ ᠶᠢ ᠪᠦᠬᠦ ᠰᠢᠶᠠᠨ ᠤ ︽ᠲᠡᠷᠢᠭᠦᠨ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ ᠨᠢᠭᠡᠨᠲᠡ ᠣᠨ ᠤ ᠲᠥᠯᠥᠪᠯᠡᠭᠡ ᠳᠤ ᠣᠷᠣᠭᠤᠯᠤᠭᠰᠠᠨ 82 ᠭᠤᠣᠯᠳᠠᠯᠭ᠎ᠠ ᠲᠠᠢ ᠲᠥᠷᠥᠯ ᠵᠦᠢᠯ ᠳᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠵᠢᠷᠤᠭ ᠡᠯᠭᠦᠵᠦ ᠪᠠᠶᠢᠯᠳᠤᠭᠠᠨ ᠬᠢᠵᠦ᠂ ᠦᠷᠭᠦᠯᠵᠢᠯᠡᠨ ᠪᠠᠶᠢᠭᠤᠯᠬᠤ 25 ᠲᠥᠷᠥᠯ ᠵᠦᠢᠯ ᠢ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠡᠬᠢᠯᠡᠭᠦᠯᠵᠦ᠂ ᠰᠢᠨ᠎ᠡ ᠪᠠᠷ ᠪᠠᠶᠢᠭᠤᠯᠬᠤ 57 ᠲᠥᠷᠥᠯ ᠵᠦᠢᠯ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠡᠬᠢᠯᠡᠭᠦᠯᠬᠦ ᠶᠢ ᠦᠨᠡᠨᠬᠦ ᠪᠠᠲᠤᠯᠠᠨ᠎ᠠ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠬᠠᠮᠲᠤᠳᠬᠠᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠲᠦᠷᠦᠯ ᠵᠦᠢᠯ ᠤᠨ ᠠᠵᠢᠯ ᠡᠬᠢᠯᠡᠬᠦ ᠨᠤᠷᠮ᠎ᠠ᠂ ᠪᠡᠯᠡ ᠮᠥᠩᠭᠦ ᠶᠢ ᠪᠣᠳᠠᠲᠠᠶᠢᠵᠢᠭᠤᠯᠬᠤ ᠨᠤᠷᠮ᠎ᠠ᠂ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠨᠤᠷᠮ᠎ᠠ ᠶᠢ ᠳᠡᠭᠡᠭᠰᠢᠯᠡᠭᠦᠯᠵᠦ᠂ ᠪᠦᠬᠦ ᠰᠢᠶᠠᠨ ᠳᠤ ︽ᠲᠦᠷᠦᠯ ᠵᠦᠢᠯ ᠢ ᠶᠡᠬᠡᠪᠡᠷ ᠠᠳᠬᠤᠬᠤ᠂ ᠶᠡᠭᠡ ᠲᠦᠷᠦᠯ ᠵᠦᠢᠯ ᠢ ᠠᠳᠬᠤᠬᠤ︾ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠢᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠨ᠎ᠠ᠃      ᠬᠤᠳᠠᠯᠳᠤᠭᠠᠴᠢᠨ ᠤᠷᠢᠬᠤ ᠠᠵᠢᠯ ᠢ ᠠᠳᠬᠤᠨ᠎ᠠ᠃ ᠰᠢᠶᠠᠨ ᠤ ᠱᠠᠲᠤᠨ ᠤ ᠤᠳᠤᠷᠢᠳᠤᠯᠭ᠎ᠠ ᠲᠦᠷᠦᠭᠦᠯᠡᠨ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ ᠬᠤᠳᠠᠯᠳᠤᠭᠠᠴᠢᠨ ᠤᠷᠢᠬᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠴᠢᠯᠡᠭᠡᠨ ᠤ ᠬᠤᠳᠠᠯᠳᠤᠭᠠᠴᠢᠨ ᠤᠷᠢᠬᠤ ᠲᠣᠭᠲᠠᠴᠠ ᠶᠢ ᠬᠡᠷᠡᠭᠵᠢᠭᠦᠯᠵᠦ᠂ ᠪᠦᠬᠦ ᠠᠵᠢᠯᠲᠠᠨ ᠬᠤᠳᠠᠯᠳᠤᠭᠠᠴᠢᠨ ᠤᠷᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ᠂ ᠰᠣᠶᠣᠯ ᠤᠨ ᠵᠢᠭᠤᠯᠴᠢᠯᠠᠯ᠂ ᠴᠡᠪᠡᠷ ᠡᠨᠧᠷᠭᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠳᠠᠬᠢᠨ ᠨᠢᠭᠡ ᠪᠦᠯᠦᠭ ᠶᠡᠭᠡ ᠲᠥᠷᠥᠯ ᠵᠦᠢᠯ᠂ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠢᠴᠢ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠰᠠᠭᠤᠷᠢ ᠲᠥᠬᠦᠭᠡᠷᠦᠮᠵᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠱᠠᠲᠤᠨ ᠤ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠲᠤᠰᠬᠠᠢ ᠵᠦᠢᠯ ᠤᠨ ᠵᠢᠭᠡᠯᠡᠯᠭᠡ᠂ ᠵᠢᠭᠡᠯᠡᠯᠭᠡ ᠪᠠ ᠨᠡᠶᠢᠭᠡᠮ ᠤᠨ ᠬᠥᠷᠥᠩᠭᠡ ᠶᠢ ᠠᠮᠢᠳᠤᠯᠢᠭ ᠪᠣᠯᠭᠠᠬᠤ ᠵᠡᠷᠭᠡ ᠶᠢᠨ ᠲᠣᠭᠤᠷᠢᠨ ᠳᠤ᠂ ᠨᠢᠭᠡ ᠪᠦᠯᠦᠭ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠳᠤ ᠣᠷᠣᠵᠤ ᠳᠡᠶᠢᠯᠬᠦ᠂ ᠦᠨᠡᠨ ᠪᠣᠳᠠᠲᠠᠢ ᠪᠠᠷ ᠠᠳᠬᠤᠵᠤ ᠳᠡᠶᠢᠯᠬᠦ ᠶᠡᠭᠡ ᠲᠥᠷᠥᠯ ᠵᠦᠢᠯ ᠰᠠᠶᠢᠨ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠵᠦ᠂ 40 ᠠᠴᠠ ᠳᠡᠭᠡᠭᠰᠢ ᠲᠥᠷᠥᠯ ᠵᠦᠢᠯ ᠢ ᠨᠥᠭᠡᠴᠡᠯᠡᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠨᠢᠳᠤᠨᠤᠨ ᠤ ᠬᠢ ᠠᠴᠠ 50%   ᠠᠴᠠ ᠳᠡᠭᠡᠭᠰᠢ ᠨᠡᠮᠡᠭᠳᠡᠭᠦᠯᠦᠨ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠳᠤ ᠲᠡᠷᠢᠭᠦᠨ ᠳᠤ ᠣᠷᠣᠬᠤ ᠪᠠᠷ ᠴᠢᠷᠮᠠᠶᠢᠨ᠎ᠠ᠃      ᠦᠢᠯᠡᠴᠢᠯᠡᠭᠡ ᠪᠠᠨ ᠴᠢᠩᠭᠠᠳᠬᠠᠨ᠎ᠠ᠃ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠵᠤ ᠲᠣᠬᠢᠷᠠᠭᠤᠯᠬᠤ᠂ ᠲᠤᠰᠬᠠᠢ ᠠᠩᠭᠢ ᠪᠠᠷ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠷᠬᠡ ᠴᠡᠭ᠂ ᠪᠡᠷᠬᠡᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠰᠢᠷᠣᠢ᠂ ᠲᠥᠯᠦᠪᠵᠢᠭᠦᠯᠭᠡ᠂ ᠣᠷᠴᠢᠨ ᠠᠬᠤᠢ ᠳᠤ ᠦᠵᠡᠭᠦᠯᠬᠦ ᠨᠥᠯᠥᠭᠡ ᠶᠢᠨ ᠦᠨᠡᠯᠡᠯᠲᠡ ᠪᠠ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠪᠡᠯᠡ ᠲᠣᠬᠢᠷᠠᠭᠤᠯᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠭᠡᠷ᠎ᠡ ᠲᠣᠭᠲᠠᠬᠤ᠂ ᠪᠣᠳᠠᠲᠠᠶᠢᠵᠢᠭᠤᠯᠬᠤ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ ᠪᠦᠬᠦ ᠶᠠᠪᠤᠴᠠ᠂ ᠪᠦᠬᠦ ᠦᠶᠡᠯᠡᠯ ᠤᠨ ᠬᠤᠭᠤᠴᠠᠭᠠᠨ ᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠶᠢ ᠬᠠᠩᠭᠠᠵᠤ᠂ ᠲᠥᠷᠥᠯ ᠵᠦᠢᠯ ᠢ ᠪᠣᠳᠠᠲᠠᠶᠢᠵᠢᠭᠤᠯᠬᠤ ᠠᠬᠢᠴᠠ ᠶᠢ ᠲᠦᠷᠭᠡᠳᠬᠡᠨ᠎ᠡ᠃ ᠭᠠᠵᠠᠷ ᠬᠡᠷᠡᠭᠯᠡᠬᠦ ᠶᠢ ᠪᠠᠲᠤᠯᠠᠬᠤ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢ ᠨᠥᠭᠡᠴᠡᠯᠡᠬᠦ ᠶᠢ ᠦᠷᠭᠦᠯᠵᠢᠯᠡᠨ ᠴᠢᠩᠭᠠᠳᠬᠠᠵᠤ᠂ ᠦᠷ᠎ᠡ ᠠᠰᠢᠭ ᠢᠶᠠᠷ ᠳᠣᠣᠷ᠎ᠠ᠂ ᠰᠤᠯᠠ ᠪᠠᠶᠢᠭ᠎ᠠ ᠬᠡᠷᠡᠭᠯᠡᠯᠲᠡ ᠶᠢᠨ ᠭᠠᠵᠠᠷ ᠰᠢᠷᠣᠢ ᠶᠢ ᠲᠦᠷᠭᠡᠳᠬᠡᠨ ᠰᠢᠢᠳᠪᠦᠷᠢᠯᠡᠵᠦ᠂ ᠲᠥᠷᠥᠯ ᠵᠦᠢᠯ ᠢ ︽ᠨᠠᠶᠢᠳᠠᠪᠤᠷᠢᠵᠢᠭᠤᠯᠵᠤ ᠳᠡᠶᠢᠯᠬᠦ᠂ ᠰᠠᠶᠢᠲᠤᠷ ᠬᠡᠷᠡᠭᠵᠢᠭᠦᠯᠬᠦ︾ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃      ᠬᠡᠷᠡᠭᠯᠡᠭᠡ ᠶᠢ ᠠᠬᠢᠭᠤᠯᠤᠨ᠎ᠠ᠃ ᠬᠡᠷᠡᠭᠯᠡᠭᠡᠨ ᠤ ᠢᠲᠡᠭᠡᠯ ᠢ ᠬᠥᠭᠵᠢᠭᠡᠬᠦ᠂ ᠬᠡᠷᠡᠭᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠪᠠᠷ ᠭᠤᠣᠯ ᠰᠢᠵᠢᠮ ᠪᠣᠯᠭᠠᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠢ ᠠᠭᠤᠰᠤᠯᠴᠠᠭᠤᠯᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠣᠳᠠᠲᠤ ᠴᠣᠭᠴᠠ ᠶᠢᠨ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠵᠡᠷᠭᠡ ᠭᠤᠣᠯᠳᠠᠯᠭ᠎ᠠ ᠲᠠᠢ ᠬᠡᠷᠡᠭᠯᠡᠭᠡᠨ ᠤ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠬᠡᠷᠡᠭᠰᠡᠯ᠂ ᠬᠤᠪᠴᠠᠰᠤ ᠬᠤᠨᠠᠷ ᠪᠦᠷᠢᠨ ᠪᠠᠷᠠᠭ᠎ᠠ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠵᠦ᠂ ᠣᠯᠠᠨ ᠨᠡᠶᠢᠲᠡ ᠶᠢᠨ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠨ᠂  ᠬᠡᠷᠡᠭᠯᠡᠭᠡᠨ ᠤ ᠲᠠᠰ ᠳᠡᠪᠰᠢᠬᠦ ᠶᠢ ᠦᠷᠭᠦᠯᠵᠢᠯᠡᠨ ᠳᠠᠶᠢᠴᠢᠯᠠᠨ᠂ ᠬᠤᠲᠠ ᠶᠢᠨ ︽ᠠᠮᠢᠳᠤᠷᠠᠯ ᠤᠨ ᠠᠭᠤᠷ ᠠᠮᠢᠰᠬᠤᠯ︾ ᠳᠤ ᠪᠤᠴᠠᠬᠤ ᠶᠢ ᠲᠦᠷᠭᠡᠳᠬᠡᠨ᠎ᠡ᠃ ᠶᠤᠤᠮᠠᠢ ᠶᠢᠨ ᠰᠣᠶᠣᠯ ᠤᠨ ᠨᠠᠶᠢᠷ᠂ ᠮᠥᠰᠥ ᠴᠠᠰᠤᠨ ᠤ ᠨᠠᠶᠢᠷ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠵᠡᠷᠭᠡ ᠰᠢᠷᠢᠰ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠬᠢᠯᠡᠵᠦ᠂ ᠦᠴᠦᠸᠠᠨ ᠤ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠎ᠠ᠃      ︵ᠬᠤᠶᠠᠷ︶ ᠬᠦᠴᠦᠨ ᠢᠶᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ᠂ ᠳᠥᠷᠪᠡᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠣᠷᠳᠣ ᠬᠤᠭᠤᠴᠠᠭ᠎ᠠ ᠪᠠᠷ ᠠᠬᠢᠭᠤᠯᠤᠨ᠎ᠠ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠢᠮᠠᠭᠲᠠ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠵᠤ᠂ ᠪᠦᠬᠦ ᠬᠤᠳᠠ ᠶᠢᠨ ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠮᠠᠨ ᠤ ᠰᠢᠶᠠᠨ ᠤ ᠠᠵᠤ ᠦᠢᠯᠡᠰ ᠤᠨ ᠳᠠᠪᠠᠭᠤᠯᠢᠭ ᠤᠨ ᠲᠣᠭᠤᠷᠢᠨ ᠳᠤ᠂ ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ︽ᠬᠥᠭᠵᠢᠭᠦᠯᠬᠦ︾ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃      ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ 25 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃  ᠬᠤᠸᠠ ᠯᠠᠢ ᠱᠢ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠵᠥᠩ ᠵᠢᠶᠠᠨ ᠪᠦᠦ ᠮᠣᠩᠭᠤᠯ ᠬᠤᠨᠴᠢᠷ ᠡᠮ ᠤᠨ ᠦᠢᠯᠡᠰ᠂ ᠵᠢᠶ᠋ᠧ ᠲᠠᠢ ᠨᠦᠥᠸ᠋ ᠰᠫᠢᠷᠲ᠂ ᠶᠢᠨ ᠼᠤᠤ ᠶᠤᠸᠠᠨ ᠢᠳᠡᠰᠢᠨ ᠬᠤᠨᠢ ᠲᠡᠵᠢᠭᠡᠨ ᠦᠷᠡᠵᠢᠭᠦᠯᠬᠦ ᠵᠢᠴᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠪᠥᠬᠦ ᠲᠠᠯ᠎ᠠ ᠪᠠᠷ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠵᠤ᠂ ᠱᠤ᠋ ᠶᠤᠸᠠᠨ ᠺᠠᠩ ᠲᠥᠮᠥᠰᠥ ᠶᠢᠨ ᠪᠥᠬᠦ ᠲᠠᠯ᠎ᠠ ᠶᠢᠨ ᠦᠢᠯᠡᠳᠪᠦᠷᠢᠯᠡᠯ ᠤᠨ ᠱᠤᠭᠤᠮ᠂ ᠪᠸᠢ ᠳ᠋ᠠ ᠬᠤᠸᠠᠩ ᠴᠠᠷᠳᠠᠭᠤᠯ ᠡᠳ᠋ᠰᠢᠭᠦᠯᠬᠦ᠂ ᠪᠸᠢ ᠯᠢᠶᠠᠨ ᠴᠠᠬᠢᠯᠭᠠᠨ ᠤ ᠣᠶᠤᠨᠴᠢ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠰᠢᠦᠢ ᠢ ᠢᠳᠡᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ ᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠤᠨ᠎ᠠ᠃ ᠶᠠᠨ ᠬᠥ᠋ ᠹᠠᠩ ᠤᠨ ᠨᠠᠰᠳᠠᠺ ᠲᠤ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ᠃ ᠪᠠᠷᠠᠭᠤᠨ ᠤᠯᠠᠭᠠᠨᠪᠤᠯᠠᠭ ᠪᠠᠯᠭᠠᠰᠤᠨ ᠤ ᠨᠣᠶᠢᠯ ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ᠂ ᠶᠢᠨ ᠯᠢ ᠫᠢᠩ ᠤᠨ ᠠᠵᠢᠯ ᠤᠨ ᠦᠷᠳᠡᠭᠡ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠡᠶᠡᠯᠡᠭᠦᠯᠦᠨ᠎ᠡ᠃ ᠳᠡᠭᠡᠷ᠎ᠡ ᠲᠣᠬᠤᠢ ᠰᠢᠶᠠᠩ ᠤᠨ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠦᠷᠢᠶᠡᠯᠡᠩ᠂ ᠪᠠᠷᠠᠭᠤᠨ ᠤᠯᠠᠭᠠᠨᠪᠤᠯᠠᠭ ᠪᠠᠯᠭᠠᠰᠤᠨ ᠤ ᠨᠣᠶᠢᠯ ᠪᠤᠭᠤᠳᠠᠢ ᠶᠢᠨ ᠡᠭᠡᠳᠡᠭᠰᠡᠨ ᠰᠦ᠋ ᠡᠳ᠋ᠰᠢᠭᠦᠯᠬᠦ᠂ ᠹᠦ᠋ ᠷᠦ ᠳ᠋ᠦᠩ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠴᠢᠬᠢ ᠪᠣᠶᠢᠵᠢᠭᠤᠯᠬᠤ ᠬᠦᠷᠢᠶᠡᠯᠡᠩ ᠲᠣᠭᠤᠷᠢᠭ᠂ ᠬᠤᠭᠤᠯᠠᠢ ᠠᠭᠤᠯᠠ ᠰᠢᠶᠠᠩ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠡᠳ᠋ᠰᠢᠭᠦᠯᠵᠦ ᠰᠢᠨ᠎ᠡ ᠰᠣᠷᠭᠤᠭ ᠪᠠᠶᠢᠯᠭᠠᠬᠤ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠡᠨᠡ ᠬᠦ ︽ᠨᠡᠷ᠎ᠡ ᠶᠢᠨ ᠬᠠᠭᠤᠳᠠᠰᠤ︾ ᠶᠢ ᠨᠠᠩ ᠭᠢᠯᠠᠶᠢᠲᠠᠯ᠎ᠠ ᠠᠷᠴᠢᠨ᠎ᠠ᠃      ᠰᠣᠶᠣᠯ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ 5 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠬᠠᠳᠠᠲᠤ ᠬᠠᠭᠠᠯᠭ᠎ᠠ ᠶᠢᠨ ᠥᠨᠳᠥᠷ ᠠᠭᠤᠯᠠ ᠶᠢᠨ ᠮᠠᠯᠵᠢᠯ ᠤᠨ ᠲᠠᠯᠠᠪᠠᠶ ᠶᠢᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠨᠠᠭᠤᠷ ᠤᠨ ᠰᠢᠯᠢ ᠶᠢᠨ ᠦᠵᠡᠮᠵᠢ ᠶᠢᠨ ᠣᠷᠣᠨ᠂ ᠤᠮᠠᠷᠠᠲᠤ ᠸᠧᠢ ᠤᠯᠤᠰ ᠤᠨ ᠮᠦᠽᠧᠢ ᠶᠢᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠦᠨ ᠺᠦᠨ ᠯᠢᠶᠠᠩ ᠦᠵᠡᠮᠵᠢ ᠶᠢᠨ ᠣᠷᠣᠨ ᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠰᠦᠪᠡᠭᠴᠢᠯᠡᠵᠦ᠂ ᠭᠤᠣᠯᠯᠠᠬᠤ ᠵᠢᠭᠤᠯᠴᠢᠯᠠᠯ ᠤᠨ ᠪᠦᠲᠦᠭᠡᠭᠳᠡᠬᠦᠨ ᠢ ᠪᠣᠶᠢᠵᠢᠭᠤᠯᠤᠨ᠎ᠠ᠃ ᠳᠡᠷᠡᠰᠦᠲᠦ ᠶᠢᠨ ᠠᠶᠢᠯ ᠲᠣᠰᠬᠤᠨ ᠤ ᠪᠤᠬ᠎ᠠ ᠲᠡᠷᠭᠡᠨ ᠤ ᠠᠶᠢᠮᠠᠭ ᠢ ᠪᠠᠶᠢᠭᠤᠯᠤᠨ ᠡᠵᠡᠩᠨᠡᠵᠦ᠂ ᠰᠢᠯᠢᠳᠡᠭ ᠠᠷᠠᠳ ᠤᠨ ᠪᠠᠭᠤᠳᠠᠯ᠂ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ᠂ ᠪᠤᠬ᠎ᠠ ᠲᠡᠷᠭᠡᠨ ᠤ ᠬᠤᠸᠠᠷᠠᠨ ᠤ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ ᠤᠮᠠᠷᠠᠲᠤ ᠸᠧᠢ ᠤᠯᠤᠰ ᠤᠨ ᠲᠡᠭᠷᠢ ᠶᠢᠨ ᠲᠠᠬᠢᠯᠭ᠎ᠠ ᠶᠢᠨ ᠪᠠᠭᠤᠷᠢ᠂ ᠶᠢᠨ ᠵᠢᠶ᠋ᠧ ᠬᠤᠤ ᠶᠢᠨ ᠪᠠᠭᠤᠷᠢ ᠶᠢ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠶᠠᠨ ᠬᠥ᠋ ᠹᠠᠩ ᠤᠨ ︽ᠲᠠᠯ᠎ᠠ ᠨᠤᠲᠤᠭ ᠤᠨ ᠡᠭᠦᠳᠡ︾ ᠶᠢᠨ 4A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠨ᠎ᠠ᠃ ᠰᠢᠶᠠᠩ ᠪᠠᠯᠭᠠᠰᠤᠨ ᠤ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠵᠤ᠂ ᠦ᠋ ᠳ᠋ᠣᠣ ᠭᠧᠦ ᠥᠨᠳᠥᠷ ᠠᠭᠤᠯᠠ ᠶᠢᠨ ᠮᠠᠯᠵᠢᠯ ᠤᠨ ᠲᠠᠯᠠᠪᠠᠢ᠂ ᠳᠤ ᠱᠧᠩ ᠭᠧᠦ ᠶᠢᠨ ᠬᠤᠪᠢᠰᠬᠠᠯ ᠤᠨ ᠵᠤᠭᠠᠴᠠᠯ᠂ ᠳᠡᠷᠡᠰᠦᠲᠦ ᠶᠢᠨ ᠠᠶᠢᠯ ᠲᠣᠰᠬᠤᠨ ᠤ ᠪᠤᠬ᠎ᠠ ᠲᠡᠷᠭᠡᠨ ᠤ ᠵᠢᠵᠢᠭ ᠪᠠᠯᠭᠠᠰᠤ ᠪᠠᠷ ᠭᠤᠣᠯᠳᠠᠯᠭ᠎ᠠ ᠪᠣᠯᠭᠠᠵᠤ᠂ 9 ᠵᠤᠭᠠᠴᠠᠯ ᠤᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠵᠤ᠂ ᠰᠣᠶᠣᠯ ᠤᠨ ᠵᠤᠭᠠᠴᠠᠯ ᠤᠨ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠤᠨ᠎ᠠ᠃      ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ 9 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠶᠤᠸᠠᠨ ᠵᠢᠩ᠂  ᠲᠢᠶᠠᠨ ᠨᠡᠩ ᠬᠦᠨᠳᠦ ᠠᠵᠤ ᠦᠢᠯᠡᠳᠪᠦᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠠᠬᠢᠭᠤᠯᠤᠨ᠎ᠠ︔ ᠤᠮᠠᠷᠠᠲᠤ ᠣᠷᠣᠨ ᠤ ᠬᠠᠮᠲᠤᠷᠠᠭᠰᠠᠨ ᠴᠠᠬᠢᠯᠭᠠᠨ ᠬᠦᠴᠦᠨ ᠤ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢᠨ ᠲᠥᠷᠥᠯ ᠵᠦᠢᠯ ᠪᠠ 4 ᠲᠦᠮᠡᠨ ᠺᠢᠯᠣᠸᠠᠲ ᠤᠨ ᠲᠠᠷᠠᠬᠠᠢ ᠪᠤᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠲᠣᠣᠷ ᠲᠤ ᠨᠡᠶᠢᠯᠡᠭᠦᠯᠬᠦ ᠶᠢ ᠦᠨᠡᠨᠬᠦ ᠪᠠᠲᠤᠯᠠᠨ᠎ᠠ︔ ᠬᠥᠬᠡᠬᠤᠲᠠ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠤᠨ ᠭᠠᠵᠠᠷ ᠰᠣᠩᠭᠤᠬᠤ ᠶᠢ ᠨᠤᠲᠠᠯᠠᠬᠤ ᠠᠵᠢᠯ ᠢ ᠡᠬᠢᠯᠡᠭᠦᠯᠦᠨ᠎ᠡ᠃ ᠴᠠᠬᠢᠯᠭᠠᠨ ᠤ ᠲᠣᠣᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳ᠋ᠠ ᠳ᠋ᠧᠦ ᠫᠦ᠋ ᠲᠣᠰᠬᠤᠨ ᠤ 500 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ 3 ᠳ᠋ᠤᠭᠠᠷ ᠨᠣᠮᠧᠷᠲᠤ ᠭᠤᠣᠯ ᠬᠤᠪᠢᠰᠤᠯᠲᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ 4 ᠳ᠋ᠦ᠋ᠭᠡᠷ ᠨᠣᠮᠧᠷᠲᠤ ᠭᠤᠣᠯ ᠬᠤᠪᠢᠰᠤᠯᠲᠠ ᠶᠢᠨ ᠢᠨᠵᠧᠨᠧᠷᠢᠩ ᠢ ᠴᠠᠭ ᠲᠤᠨᠢ ᠲᠣᠬᠢᠷᠠᠭᠤᠯᠤᠨ ᠡᠬᠢᠯᠡᠭᠦᠯᠦᠨ᠎ᠡ᠃ ᠦᠴᠦᠸᠠᠨ - ᠬᠤᠩ ᠱᠧᠩ᠂ ᠦᠴᠦᠸᠠᠨ - ᠵᠢᠨᠱᠠᠨ 2 ᠵᠤᠷᠪᠤᠰ ︽ᠬᠤᠣᠰ ᠪᠤᠴᠠᠯ ᠬᠡᠯᠬᠢᠶ᠎ᠡ︾ ᠶᠢᠨ ᠴᠠᠬᠢᠯᠭᠠᠨ ᠬᠦᠷᠭᠡᠬᠦ ᠬᠡᠯᠬᠢᠶ᠎ᠡ᠂ ᠬᠦᠴᠦᠳᠡᠯ ᠥᠭᠡᠷᠡᠴᠢᠯᠡᠬᠦ ᠦᠷᠳᠡᠭᠡ ᠵᠡᠷᠭᠡ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠦᠴᠦᠸᠠᠨ ᠰᠢᠶᠠᠨ ᠤ ᠴᠡᠪᠡᠷ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠣᠷᠣᠨ ᠵᠠᠢ ᠶᠢ ᠲᠤᠶᠢᠯᠪᠤᠷᠢᠲᠠᠢ ᠨᠡᠭᠡᠭᠡᠨ᠎ᠡ᠃ ᠡᠬᠢ ᠰᠤᠷᠪᠤᠯᠵᠢ ᠶᠢ ᠨᠢ ᠰᠦᠯᠵᠢᠶᠡᠨ ᠳᠤ ᠣᠷᠣᠭᠤᠯᠵᠤ ᠨᠥᠭᠡᠴᠡᠯᠡᠬᠦ᠂ ᠰᠠᠯᠬᠢᠨ ᠤᠰᠤ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠵᠢᠴᠢ ᠢᠵᠢ ᠪᠦᠷᠢᠳᠦᠭᠦᠯᠬᠦ ᠠᠵᠤ ᠦᠢᠯᠡᠰ ᠤᠨ ᠲᠥᠷᠥᠯ ᠵᠦᠢᠯ ᠢ ᠮᠠᠨ ᠤ ᠰᠢᠶᠠᠨ ᠳᠤ ᠨᠤᠲᠤᠭᠰᠢᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠡᠬᠢ ᠪᠠᠶᠠᠯᠢᠭ ᠢᠶᠠᠷ ᠬᠤᠪᠢ ᠣᠷᠣᠭᠤᠯᠬᠤ ᠠᠷᠭ᠎ᠠ ᠬᠡᠯᠪᠡᠷᠢ ᠪᠣᠯᠣᠨ ᠠᠷᠭ᠎ᠠ ᠵᠠᠮ ᠢ ᠰᠦᠪᠡᠭᠴᠢᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠡᠪᠡᠷ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠭᠦᠨᠵᠡᠭᠡᠢ ᠣᠷᠣᠯᠴᠠᠬᠤ ᠶᠢ ᠠᠬᠢᠭᠤᠯᠵᠤ᠂ ᠡᠬᠢ ᠪᠠᠶᠠᠯᠢᠭ ᠤᠨ ︽ᠨᠠᠶᠢᠷ ᠲᠠᠯᠪᠢᠬᠤ︾ ᠠᠴᠠ ᠵᠠᠶᠢᠯᠠᠰᠬᠢᠵᠦ᠂ ᠪᠦᠬᠦ ᠬᠤᠳᠠ ᠶᠢᠨ ᠴᠡᠪᠡᠷ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠤᠢ ᠪᠣᠯᠭᠠᠨ᠎ᠠ᠃      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ 5 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠾᠧᠦ ᠪᠥᠸᠧ ᠽᠢ ᠲᠡᠮᠦᠷ ᠤᠨ ᠠᠭᠤᠷᠬᠠᠢ ᠶᠢᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠵᠢᠢ ᠳ᠋ᠦᠩ ᠤᠨ ᠵᠢᠦᠢ ᠶᠢᠨ ᠱᠠᠨ ᠱᠦᠢᠨᠢ ᠳᠤ ᠬᠡᠷᠡᠭᠯᠡᠬᠦ ᠭᠠᠨᠳᠢᠭ ᠴᠢᠯᠠᠭᠤᠯᠢᠭ ᠤᠨ ᠠᠭᠤᠷᠬᠠᠢ ᠪᠠ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠵᠦᠢᠯ ᠳᠤ ᠲᠦᠰᠢᠭᠯᠡᠨ᠂ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠤᠨ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ᠂ ᠪᠣᠬᠢᠷᠲᠤᠯ ᠦᠭᠡᠢ ᠠᠵᠤ ᠦᠢᠯᠡᠰ ᠤᠨ ᠲᠥᠪᠯᠡᠷᠡᠯ ᠤᠨ ᠣᠷᠣᠨ ᠤ ᠲᠥᠯᠦᠪᠵᠢᠭᠦᠯᠭᠡ ᠲᠠᠢ ᠤᠶᠠᠯᠳᠤᠭᠤᠯᠤᠨ᠂ ᠠᠵᠤ ᠦᠢᠯᠡᠳᠪᠦᠷᠢ ᠶᠢᠨ ᠠᠵᠤ ᠦᠢᠯᠡᠰ ᠢ ᠪᠠᠶᠢᠷᠢᠰᠢᠭᠤᠯᠵᠤ᠂ ᠳᠣᠣᠷ᠎ᠠ ᠠᠰᠢᠭᠯᠠᠮᠵᠢ ᠲᠠᠢ ᠭᠠᠵᠠᠷ᠂ ᠦᠬᠦᠰᠢᠷᠡᠮᠡᠯ ᠠᠵᠤ ᠠᠬᠤᠶᠢᠯᠠᠯ ᠢ ᠢᠯᠭᠠᠷᠠᠭᠤᠯᠬᠤ ᠡᠷᠴᠢᠮ ᠢ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠠᠭᠤᠷᠬᠠᠢ ᠶᠢᠨ ᠦᠢᠯᠡᠰ ᠤᠨ ᠡᠷᠬᠡ ᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠨᠥᠬᠦᠴᠡᠯ ᠪᠦᠷᠢᠳᠦᠭᠰᠡᠨ ᠲᠡᠮᠦᠷ ᠤᠨ ᠠᠭᠤᠷᠬᠠᠢ ᠶᠢᠨ ᠠᠵᠤ ᠠᠬᠤᠶᠢᠯᠠᠯ ᠤᠨ ᠨᠡᠭᠡᠭᠡᠨ ᠠᠰᠢᠭᠯᠠᠯᠲᠠ ᠶᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠤᠨ᠎ᠠ᠃ ᠠᠯᠲᠠᠨ ᠤ ᠠᠭᠤᠷᠬᠠᠢ᠂ ᠪᠣᠷᠵᠢᠨ ᠴᠢᠯᠠᠭᠤᠯᠢᠭ ᠤᠨ ᠠᠭᠤᠷᠬᠠᠢ᠂ ᠪᠠᠯ ᠴᠢᠯᠠᠭᠤᠨ ᠤ ᠠᠭᠤᠷᠬᠠᠢ᠂ ᠨᠢᠦᠪᠢ ᠲᠠᠨᠲ᠋ᠠᠯ ᠤᠨ ᠠᠭᠤᠷᠬᠠᠢ ᠵᠡᠷᠭᠡ ᠡᠬᠢ ᠪᠠᠶᠠᠯᠢᠭ ᠢ ᠨᠠᠷᠢᠨ ᠪᠠᠶᠢᠴᠠᠭᠠᠬᠤ᠂ ᠬᠠᠶᠢᠨ ᠰᠢᠨᠵᠢᠬᠦ ᠪᠠ ᠬᠠᠶᠢᠨ ᠰᠢᠨᠵᠢᠵᠦ ᠰᠢᠯᠵᠢᠭᠦᠯᠦᠨ ᠮᠠᠯᠲᠠᠬᠤ ᠠᠵᠢᠯ ᠢ ᠲᠦᠷᠭᠡᠳᠬᠡᠵᠦ᠂ ᠠᠵᠤ ᠠᠬᠤᠶᠢᠯᠠᠯ ᠢ ᠬᠠᠮᠵᠢᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ᠂ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠭᠠᠨᠳᠢᠭ ᠴᠢᠯᠠᠭᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠲᠦᠰᠢᠭᠯᠡᠨ᠂ ᠪᠠᠷᠠᠭᠤᠨ ᠤᠯᠠᠭᠠᠨᠪᠤᠯᠠᠭ ᠪᠠᠯᠭᠠᠰᠤᠨ ᠤ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠠᠮᠢᠯᠠᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃      ︵ᠭᠤᠷᠪᠠ︶ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠬᠦᠴᠦ ᠪᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠣᠯᠳᠠᠯᠭ᠎ᠠ ᠪᠣᠯᠭᠠᠭᠰᠠᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ︽ᠴᠢᠨᠡᠭᠡᠯᠢᠭᠵᠢᠭᠦᠯᠬᠦ︾ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃      ᠠᠮᠤ ᠪᠤᠳᠠᠭᠠᠨ ᠤ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠪᠣᠯᠣᠨ ᠦᠷ᠎ᠡ ᠲᠠᠷᠢᠬᠤ ᠬᠤᠶᠠᠷ ᠵᠠᠩᠭᠢᠯᠠᠭ᠎ᠠ ᠶᠢ ᠠᠳᠬᠤᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ 180 ᠲᠦᠮᠡᠨ ᠮᠦ ᠣᠷᠴᠢᠮ ᠳᠤ ᠲᠣᠭᠲᠠᠭᠤᠨ ᠪᠠᠶᠢᠯᠭᠠᠬᠤ ᠶᠢ ᠪᠠᠲᠤᠯᠠᠨ᠎ᠠ︔ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠨᠣᠬᠠᠢ ᠶᠢᠨ ᠬᠤᠰᠢᠭᠤ 35 ᠲᠦᠮᠡᠨ ᠮᠦ᠂ ᠨᠣᠶᠢᠯ ᠪᠤᠭᠤᠳᠠᠢ 10 ᠲᠦᠮᠡᠨ ᠮᠦ᠂ ᠲᠥᠮᠥᠰᠥ 70 ᠲᠦᠮᠡᠨ ᠮᠦ ᠲᠠᠷᠢᠵᠤ᠂ 8 ᠲᠥᠮᠥᠰᠥ ᠶᠢᠨ ᠦᠷ᠎ᠡ ᠶᠢᠨ ᠰᠠᠭᠤᠷᠢᠨ ᠭᠠᠵᠠᠷ᠂ 150 ᠲᠠᠸᠠᠷ ᠤᠨ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ 40 ᠣᠷᠭᠠᠨᠢᠭ ᠪᠣᠬᠢᠷᠲᠤᠯ ᠦᠭᠡᠢ ᠲᠥᠮᠥᠰᠥ ᠲᠠᠷᠢᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠬᠤᠣᠷ ᠢ ᠨᠢ ᠠᠷᠢᠯᠭᠠᠭᠰᠠᠨ ᠲᠥᠮᠥᠰᠥ ᠳᠡᠯᠭᠡᠷᠡᠭᠦᠯᠬᠦ ᠲᠠᠯᠠᠪᠠᠢ ᠶᠢ 90% ᠣᠷᠴᠢᠮ ᠳᠤ ᠬᠦᠷᠭᠡᠨ᠎ᠡ᠃ ᠢᠳᠡᠰᠢᠨ ᠬᠤᠨᠢᠨ ᠤ ᠲᠡᠵᠢᠭᠡᠪᠦᠷᠢ ᠶᠢᠨ ᠬᠡᠪᠴᠢᠶ᠎ᠡ ᠶᠢ 120 ᠲᠦᠮᠡ ᠳᠤ ᠲᠣᠭᠲᠠᠪᠤᠷᠢᠵᠢᠭᠤᠯᠤᠨ᠎ᠠ᠃ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠣᠷᠣᠨ ᠪᠠᠶᠢᠷᠢ ᠰᠣᠯᠪᠢᠴᠠᠭᠤᠯᠤᠨ ᠬᠥᠭᠵᠢᠭᠦᠯᠵᠦ᠂ ᠪᠡᠯᠡᠳᠭᠡᠮᠵᠢᠳᠤ ᠢᠳᠡᠰᠢᠨ ᠨᠣᠭᠤᠭ᠎ᠠ ᠶᠢ 1800 ᠮᠦ ᠣᠷᠴᠢᠮ᠂ ᠵᠠᠳᠠᠭᠠᠢ ᠢᠳᠡᠰᠢᠨ ᠨᠣᠭᠤᠭ᠎ᠠ ᠶᠢ 4 ᠲᠦᠮᠡᠨ ᠮᠦ ᠣᠷᠴᠢᠮ ᠲᠠᠷᠢᠨ᠎ᠠ᠃ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ 13 ᠤᠰᠤᠨ ᠵᠣᠭᠤᠷᠢ ᠶᠢ ᠰᠢᠨ᠎ᠡ ᠪᠠᠷ ᠪᠠᠶᠢᠭᠤᠯᠵᠤ᠂ 17 ᠤᠰᠤᠨ ᠴᠥᠭᠦᠷᠥᠮ ᠢ ᠰᠢᠨ᠎ᠡ ᠪᠠᠷ ᠪᠠᠶᠢᠭᠤᠯᠤᠭᠰᠠᠨ ᠪᠤᠶᠤ ᠰᠡᠯᠪᠢᠨ ᠵᠠᠰᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ 5 ᠤᠰᠤᠨ ᠰᠤᠷᠪᠤᠯᠵᠢ ᠶᠢᠨ ᠢᠨᠵᠧᠨᠧᠷᠢᠩ ᠢ ᠰᠡᠯᠪᠢᠨ ᠵᠠᠰᠠᠨ᠎ᠠ᠃      ᠥᠨᠳᠦᠷᠯᠢᠭ ᠤᠨ ᠣᠨᠴᠠᠯᠢᠭᠲᠤ ᠨᠡᠷᠡᠲᠦ ᠲᠡᠮᠳᠡᠭ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠵᠡᠷᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠦᠴᠦᠸᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠳᠣᠪᠤᠶᠢᠯᠭᠠᠵᠤ᠂ ︽ᠦᠴᠤᠸᠠᠨ ᠤ ᠦᠨᠦᠷ ᠠᠮᠲᠠ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠵᠡᠩᠨᠡᠯᠲᠡ ᠬᠠᠮᠢᠶᠠᠷᠤᠯᠲᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠵᠢᠯ ᠤᠨ ᠳᠣᠲᠣᠷ᠎ᠠ ︽ᠦᠴᠦᠸᠠᠨ ᠤ ᠲᠥᠮᠥᠰᠥ︾ ᠶᠢᠨ ᠨᠠᠷᠠᠲᠤ ᠲᠠᠸᠠᠷ ᠤᠨ ᠲᠡᠮᠳᠡᠭ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ︽ᠦᠴᠦᠸᠠᠨ ᠤ ᠨᠣᠬᠠᠢ ᠶᠢᠨ ᠬᠤᠰᠢᠭᠤ︾ ︽ᠦᠴᠦᠸᠠᠨ ᠤ ᠢᠳᠡᠰᠢᠨ ᠬᠤᠨᠢ︾ ᠵᠡᠷᠭᠡ 6 ᠭᠠᠵᠠᠷ ᠵᠦᠢ ᠶᠢᠨ ᠲᠡᠮᠳᠡᠭ ᠤᠨ ᠭᠡᠷᠡᠴᠢᠯᠡᠯ ᠲᠠᠢ ᠲᠠᠸᠠᠷ ᠤᠨ ᠲᠡᠮᠳᠡᠭ ᠢ ᠪᠡᠶᠡᠯᠡᠭᠦᠯᠦᠨ᠎ᠡ᠃      ᠣᠷᠣᠰᠢᠨ ᠰᠠᠭᠤᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠰᠢᠭᠤᠴᠢ ᠵᠢᠱᠢᠶ᠎ᠡ ᠦᠵᠡᠭᠦᠯᠬᠦ ᠰᠢᠶᠠᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠤᠭᠤᠯᠠᠢ ᠠᠭᠤᠯᠠ ᠰᠢᠶᠠᠩ ᠢ ᠤᠯᠤᠰ ᠤᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠩ ᠪᠣᠯᠭᠠᠨ ᠪᠦᠲᠦᠭᠡᠨ ᠪᠠᠶᠢᠭᠤᠯᠵᠤ᠂ ᠬᠠᠰᠢᠶᠠᠲᠤ᠂ ᠳᠡᠭᠡᠷᠮᠡᠳᠦ ᠵᠡᠷᠭᠡ 6 ᠲᠣᠰᠬᠤᠨ ᠢ ᠤᠯᠤᠰ ᠤᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠣᠯᠭᠠᠨ ᠪᠦᠲᠦᠭᠡᠨ ᠪᠠᠶᠢᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠲᠠᠶᠢᠴᠢᠯᠠᠨ᠎ᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠷᠦᠬᠡ ᠶᠢᠨ ᠵᠣᠷᠯᠣᠩ ᠤᠨ ᠬᠤᠶᠢᠰᠢᠳᠠ ᠶᠢᠨ ᠠᠵᠢᠯᠯᠠᠭᠤᠯᠵᠤ ᠬᠠᠮᠠᠭᠠᠯᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ︔ ᠬᠥᠳᠡᠭᠡ ᠲᠣᠰᠬᠤᠨ ᠤ ᠪᠣᠬᠢᠷ ᠤᠰᠤ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ︔ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠡᠷᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠰᠢᠭᠯᠠᠯᠲᠠ ᠶᠢᠨ ᠨᠣᠷᠮ᠎ᠠ ᠶᠢ ᠲᠣᠰ ᠲᠣᠰ 95%᠂ 91%   ᠠᠴᠠ ᠳᠡᠭᠡᠭᠰᠢ ᠳᠤ ᠬᠦᠷᠦᠭᠦᠯᠵᠦ᠂ ᠨᠢᠭᠡ ᠪᠦᠯᠦᠭ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃      ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠪᠡᠳᠴᠢᠨ᠂ ᠭᠠᠮᠰᠢᠭ ᠠᠴᠠ ᠪᠣᠯᠵᠤ ᠶᠠᠳᠠᠭᠤᠷᠠᠬᠤ ᠲᠠᠬᠢᠨ ᠶᠠᠳᠠᠭᠤᠷᠠᠬᠤ ᠬᠦᠴᠦᠨ ᠵᠦᠢᠯ ᠢ ᠭᠤᠣᠯᠳᠠᠯᠭ᠎ᠠ ᠲᠠᠢ ᠠᠩᠬᠠᠷᠴᠤ᠂  ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠪᠥᠬᠦ ᠬᠡᠯᠬᠢᠶ᠎ᠡ ᠶᠢᠨ ᠲᠠᠰ ᠳᠡᠪᠰᠢᠬᠦ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 87 ᠲᠥᠷᠥᠯ ᠵᠦᠢᠯ ᠢ ᠬᠡᠷᠡᠭᠵᠢᠭᠦᠯᠵᠦ᠂ ᠨᠢᠭᠲᠠ ᠬᠡᠯᠪᠡᠷᠢ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠭᠦᠯᠦᠨ᠂ ᠣᠯᠠᠨ ᠲᠦᠮᠡᠨ ᠢ ᠳᠠᠶᠢᠴᠢᠯᠠᠨ ᠠᠵᠤ ᠦᠢᠯᠡᠰ ᠤᠨ ᠬᠡᠯᠬᠢᠶ᠎ᠡ ᠶᠢᠨ ᠲᠠᠯ᠎ᠠ ᠪᠠᠷ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠤᠨ᠎ᠠ᠃      ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠳᠤ ᠬᠦᠴᠦ ᠪᠠᠨ ᠲᠥᠪᠯᠡᠷᠡᠭᠦᠯᠵᠦ᠂ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠪᠣᠬᠢᠷᠲᠤᠯ ᠤᠨ ᠵᠠᠰᠠᠯᠲᠠ᠂ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ ᠦᠭᠡᠢ ᠪᠠᠶᠢᠬᠤ ᠶᠢ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠢᠯᠡ ᠲᠣᠳᠣ ᠰᠠᠭᠤᠷᠢ ᠥᠩᠭᠡ ᠪᠣᠯᠭᠠᠵᠤ᠂ ︽ᠬᠠᠮᠠᠭᠠᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃      ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ᠂ ᠣᠶ ︵ᠡᠪᠡᠰᠦ︶ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠪᠥᠬᠦ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠡᠪᠴᠢᠶᠡᠵᠢᠭᠦᠯᠦᠨ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠬᠥᠲᠥᠯᠥᠨ ᠵᠢᠯᠤᠭᠤᠳᠴᠤ ᠬᠥᠭᠵᠢᠭᠦᠯᠦᠨ᠎ᠡ᠃ ᠨᠤᠲᠤᠭ ᠪᠡᠯᠴᠢᠭᠡᠷ ᠢ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠵᠤ᠂ ᠶᠡᠭᠡ ᠬᠡᠪᠴᠢᠶᠡᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠂ 6.2 ᠲᠦᠮᠡᠨ ᠮᠦ ᠣᠶᠢᠲᠤ ᠭᠠᠵᠠᠷ ᠢ ᠠᠷᠠᠴᠢᠯᠠᠨ ᠪᠣᠶᠢᠵᠢᠭᠤᠯᠵᠤ ᠵᠠᠰᠠᠨ ᠰᠡᠷᠭᠦᠭᠡᠵᠦ᠂ 28 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠤᠨ ᠵᠠᠰᠠᠨ ᠰᠡᠷᠭᠦᠭᠡᠨ᠎ᠡ᠃ ᠭᠤᠣᠯ ᠮᠥᠷᠡᠨ ᠨᠠᠭᠤᠷ ᠴᠥᠭᠦᠷᠥᠮ ᠳᠤ ︽ᠲᠠᠪᠤᠨ ᠲᠤᠷ᠎ᠠ ᠪᠠᠷ ᠢᠶᠠᠨ ᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ 21 ᠺᠢᠯᠣᠮᠧᠲᠷ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ᠂ 20 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠢ ᠶᠢ ᠬᠠᠮᠠᠭᠠᠯᠠᠨ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠎ᠡ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠰᠢᠶᠠᠨ ᠪᠠ ︽ᠬᠤᠶᠠᠷ ᠠᠭᠤᠯᠠ︾ ᠶᠢᠨ ᠰᠢᠨ᠎ᠡ ᠶᠢ ᠡᠭᠦᠳᠬᠦ ᠦᠢᠯᠡᠳᠦᠯᠭᠡ ᠪᠠᠷ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠪᠠᠷ ᠣᠷᠣᠰᠢᠬᠤ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ 5 ᠲᠣᠨ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ 14 ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢᠨ ᠰᠡᠷᠭᠦᠭᠡᠯᠲᠡ ᠶᠢ ᠪᠡᠶᠡᠯᠡᠭᠦᠯᠦᠨ᠎ᠡ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ 13 ᠲᠣᠰᠬᠤᠨ᠂ 746 ᠡᠷᠦᠬᠡ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠠᠷᠠᠭᠤᠯ ᠪᠠᠯᠭᠠᠰᠤ᠂ ᠪᠠᠷᠠᠭᠤᠨ ᠤᠯᠠᠭᠠᠨᠪᠤᠯᠠᠭ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠬᠥᠬᠡ ᠡᠷᠭᠢ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠶᠢ ᠥᠷᠭᠡᠳᠬᠡᠨ ᠪᠠᠶᠢᠭᠤᠯᠬᠤ ᠪᠠ ᠶᠢᠨ ᠰᠠᠨ ᠵᠢᠶᠣᠣ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠤᠷᠢᠳᠴᠢᠯᠠᠨ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ 95% ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠤᠨ ᠤᠯᠠᠨ ᠡᠬᠢᠲᠦ ᠵᠠᠰᠠᠯᠲᠠ ᠶᠢᠨ ᠵᠦᠢᠯᠡᠰ ᠢ ᠡᠬᠢᠯᠡᠨ ᠬᠡᠷᠡᠭᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠥᠷᠥᠰᠥ ᠰᠢᠷᠣᠢ ᠶᠢᠨ ᠣᠷᠴᠢᠨ ᠠᠬᠤᠢ ᠶᠢᠨ ᠶᠠᠰᠤ ᠴᠢᠨᠠᠷ ᠲᠤ ᠦᠵᠡᠭᠦᠯᠬᠦ ᠨᠥᠯᠥᠭᠡ ᠶᠢ ᠪᠠᠭᠠᠰᠬᠠᠨ᠎ᠠ᠃ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ ᠪᠠ ᠰᠢᠢᠳᠪᠦᠷᠢᠯᠡᠬᠦ ᠶᠢ ᠴᠢᠩᠭᠠᠳᠬᠠᠵᠤ᠂ ᠡᠭᠡᠭᠦᠯᠦᠨ ᠬᠤᠷᠢᠶᠠᠬᠤ ᠨᠣᠷᠮ᠎ᠠ ᠶᠢ 85% ᠳᠤ ᠬᠦᠷᠦᠭᠦᠯᠵᠦ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃      ᠡᠷᠴᠢᠮᠯᠢᠭ ᠠᠷᠪᠢᠴᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠲᠦᠷᠦᠯ ᠵᠦᠢᠯ ᠢ ᠵᠦᠪᠰᠢᠶᠡᠷᠡᠬᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠣᠷᠴᠢᠨ ᠠᠬᠤᠢ ᠶᠢ ᠦᠨᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠤᠰᠤ ᠪᠠᠷ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠢᠯᠡᠳᠬᠡᠮᠵᠢ ᠶᠢ 0.84 ᠠᠴᠠ ᠳᠡᠭᠡᠭᠰᠢ ᠬᠢᠵᠠᠭᠠᠷᠯᠠᠵᠤ᠂ ᠠᠳᠠᠯᠢ ᠬᠤᠭᠤᠴᠠᠭᠠᠨ ᠤ ᠬᠢ ᠠᠴᠠ 0.5% ᠪᠠᠷ ᠨᠡᠮᠡᠭᠳᠡᠭᠦᠯᠦᠨ᠎ᠡ᠃ 117 ᠲᠣᠮᠣ ᠬᠡᠯᠪᠡᠷᠢ ᠶᠢᠨ ᠴᠠᠭ ᠤᠨ ᠵᠡᠭᠦᠦ ᠶᠢᠨ ᠬᠡᠯᠪᠡᠷᠢ ᠪᠠᠷ ᠰᠦᠷᠴᠢᠨ ᠤᠰᠤᠯᠠᠬᠤ ᠶᠢ ᠴᠠᠭᠠᠵᠠᠯᠠᠵᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠦᠨ᠎ᠡ᠃ ᠪᠦᠬᠦ ᠰᠢᠶᠠᠨ ᠤ 50 ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠵᠤ᠂ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢ ᠴᠠᠭ ᠲᠤᠬᠠᠢ ᠳᠤᠨᠢ ᠬᠢᠨᠠᠨ ᠬᠡᠮᠵᠢᠬᠦ ᠶᠢ ᠦᠨᠡᠨᠬᠦ ᠪᠠᠲᠤᠯᠠᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︵ᠲᠠᠪᠤ︶ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠦᠴᠦ ᠪᠠᠨ ᠲᠥᠪᠯᠡᠷᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠰᠢᠨ᠎ᠡ ᠭᠡᠷ ᠣᠷᠣᠨ ᠢ ᠪᠦᠲᠦᠭᠡᠨ ᠪᠠᠶᠢᠭᠤᠯᠤᠨ᠎ᠠ᠃ ᠥᠨᠳᠥᠷ ᠭᠠᠷᠤᠭ᠎ᠠ ᠠᠴᠠ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠥᠨᠳᠥᠷ ᠲᠦᠪᠰᠢᠨ ᠢᠶᠠᠷ ᠬᠠᠮᠢᠶᠠᠷᠬᠤ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠ ᠬᠥᠳᠡᠭᠡ ᠶᠢᠨ ᠣᠷᠣᠨ ᠵᠠᠢ ᠶᠢ ᠥᠷᠭᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠰᠢᠨ᠎ᠡ ᠭᠡᠷ ᠣᠷᠣᠨ ᠢ ᠪᠠᠶᠢᠭᠤᠯᠤᠨ᠎ᠠ᠃      ᠲᠥᠯᠦᠪᠵᠢᠭᠦᠯᠭᠡ ᠪᠠᠷ ᠬᠥᠲᠥᠯᠥᠨ ᠵᠢᠯᠤᠭᠤᠳᠬᠤ ᠶᠢ ᠪᠠᠷᠢᠮᠲᠠᠯᠠᠨ᠎ᠠ᠃ ︽ᠭᠤᠷᠪᠠᠨ ᠲᠣᠭᠤᠷᠢᠭ ᠭᠤᠷᠪᠠᠨ ᠱᠤᠭᠤᠮ︾ ᠤᠨ ᠬᠠᠮᠤᠭ ᠡᠴᠦᠰ ᠤᠨ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠲᠥᠯᠦᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ ᠢ ᠪᠡᠶᠡᠯᠡᠭᠦᠯᠵᠦ᠂ ᠲᠥᠯᠦᠪᠵᠢᠭᠦᠯᠭᠡ ᠶᠢᠨ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠪᠠ ᠬᠤᠲᠠ ᠶᠢᠨ ︽ᠪᠡᠶ᠎ᠡ ᠶᠢᠨ ᠪᠠᠶᠢᠴᠠᠭᠠᠯᠲᠠ︾ ᠶᠢᠨ ᠦᠨᠡᠯᠡᠨ ᠵᠢᠱᠢᠯᠲᠡ ᠶᠢ ᠪᠦᠲᠦᠮᠵᠢᠲᠡᠶ ᠪᠠᠲᠤᠯᠠᠨ᠎ᠠ᠃ 477 ᠮᠦ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠪᠠ 47 ᠮᠦ ᠰᠤᠯᠠ ᠪᠠᠶᠢᠬᠤ ᠭᠠᠵᠠᠷ ᠰᠢᠷᠣᠢ ᠶᠢ ᠰᠢᠩᠭᠡᠭᠡᠬᠦ ᠡᠭᠦᠷᠭᠡ ᠶᠢ ᠪᠡᠶᠡᠯᠡᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠠᠮᠢᠳᠤᠯᠢᠭ ᠪᠣᠯᠭᠠᠵᠤ᠂ ᠳᠣᠣᠷ᠎ᠠ ᠠᠰᠢᠭᠯᠠᠮᠵᠢ ᠲᠠᠢ ᠭᠠᠵᠠᠷ ᠢ ᠳᠠᠬᠢᠨ ᠠᠰᠢᠭᠯᠠᠬᠤ ᠶᠢ ᠲᠦᠯᠬᠢᠨ ᠠᠬᠢᠭᠤᠯᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃      ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ 14 ᠬᠠᠭᠤᠴᠢᠷᠠᠭᠰᠠᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠪᠠ 4 ᠰᠠᠭᠤᠭᠠᠯᠢ ᠲᠣᠭᠤᠷᠢᠭ ᠤᠨ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠬᠤᠳᠠ ᠶᠢᠨ ᠲᠣᠭᠤᠷᠢᠭ ᠤᠨ ᠬᠤᠳᠠ ᠶᠢᠨ ᠶᠠᠪᠤᠳᠠᠯ ᠤᠨ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠪᠦᠷᠬᠦᠴᠡ ᠶᠢᠨ ᠨᠤᠷᠮ᠎ᠠ ᠪᠠ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ ᠶᠤᠸᠠᠨ ᠵᠢᠩ ᠨᠡᠭᠦᠷᠡᠰᠦᠲᠥ᠋ᠷᠥᠭᠴᠢ ᠦᠭᠡᠢ ᠠᠮᠢ ᠠᠬᠤᠢ ᠶᠢᠨ ᠴᠡᠴᠡᠷᠯᠢᠭ ᠢ ᠲᠦᠷᠭᠡᠳᠬᠡᠨ ᠬᠡᠷᠡᠭᠵᠢᠭᠦᠯᠵᠦ᠂ ᠰᠢᠶᠠᠨ ᠤ ᠬᠤᠲᠠ ᠶᠢᠨ ᠨᠣᠭᠤᠭᠠᠷᠠᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠶᠢ ᠬᠡᠷᠡᠭᠵᠢᠭᠦᠯᠦᠨ᠂ ᠬᠤᠲᠠ ᠪᠠᠯᠭᠠᠰᠤ ᠶᠢᠨ ᠴᠡᠴᠡᠷᠯᠢᠭ᠂ ᠠᠭᠤᠳᠠᠮ ᠲᠠᠯᠠᠪᠠᠶ᠂ ᠵᠠᠮ ᠵᠡᠷᠭᠡ ᠳᠤ ᠨᠠᠷᠢᠯᠢᠭᠵᠢᠭᠤᠯᠤᠭᠰᠠᠨ ᠬᠠᠮᠢᠶᠠᠷᠤᠯᠲᠠ ᠠᠷᠠᠴᠢᠯᠠᠯᠲᠠ ᠬᠢᠵᠦ᠂ 6 ︽ᠬᠠᠷᠮᠠᠨ ᠴᠡᠴᠡᠷᠯᠢᠭ︾ ᠢ ᠪᠠᠶᠢᠭᠤᠯᠵᠤ᠂ 5000 ᠲᠡᠭᠰᠢ ᠳᠥᠷᠪᠡᠯᠵᠢᠨ ᠮᠧᠲᠷ ᠤᠨ ᠨᠣᠭᠤᠭᠠᠨ ᠭᠠᠵᠠᠷ ᠢ ᠰᠢᠨ᠎ᠡ ᠪᠠᠷ ᠨᠡᠮᠡᠭᠳᠡᠭᠦᠯᠬᠦ ᠪᠠ ᠲᠡᠰ ᠳᠡᠪᠰᠢᠭᠦᠯᠦᠨ ᠥᠭᠡᠷᠡᠴᠢᠯᠡᠵᠦ᠂ ᠬᠤᠲᠠ ᠪᠠᠯᠭᠠᠰᠤ ᠶᠢᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ 1000 ᠮᠦ ᠡᠭᠦᠷᠭᠡ ᠶᠢ ᠪᠡᠶᠡᠯᠡᠭᠦᠯᠦᠨ᠎ᠡ︔ 3021 ᠮᠦ ᠭᠠᠵᠠᠷ ᠰᠢᠷᠣᠢ ᠶᠢᠨ ᠨᠥᠭᠡᠴᠡᠯᠡᠯ ᠤᠨ ᠬᠥᠮᠥᠷᠭᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠭᠦᠢᠴᠡᠳᠬᠡᠯ ᠲᠤᠭ᠎ᠠ ᠶᠢ ᠠᠯᠢ ᠲᠦᠷᠭᠡᠨ ᠢᠶᠠᠷ ᠫᠠᠶᠢᠰᠠ ᠡᠯᠭᠦᠨ ᠠᠷᠠᠯᠵᠢᠶᠠᠯᠠᠬᠤ ᠶᠢ ᠲᠦᠯᠬᠢᠨ ᠠᠬᠢᠭᠤᠯᠤᠨ᠎ᠠ᠃ ᠭᠤᠣᠯᠳᠠᠯᠭ᠎ᠠ ᠲᠠᠢ ᠣᠷᠣᠨ ᠪᠦᠰᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠪᠡᠶᠡᠯᠡᠭᠦᠯᠵᠦ᠂ ᠭᠤᠣᠯᠳᠠᠯᠭ᠎ᠠ ᠲᠠᠢ ᠪᠤᠰᠤ ᠣᠷᠣᠨ ᠪᠦᠰᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠴᠠᠭ ᠲᠤᠨᠢ ᠳᠣᠭᠢᠷᠠᠭᠤᠯᠤᠨ ᠡᠬᠢᠯᠡᠭᠦᠯᠦᠨ᠎ᠡ᠃ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃      ᠬᠤᠳᠠ ᠬᠥᠳᠡᠭᠡ ᠶᠢᠨ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠵᠠᠮ ᠡᠵᠡᠯᠡᠨ ᠡᠵᠡᠩᠨᠡᠬᠦ᠂ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ ᠶᠢ ᠴᠡᠭᠴᠡᠯᠡᠨ ᠵᠠᠰᠠᠵᠤ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠪᠦᠲᠦᠮᠵᠢᠲᠡᠶ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠪᠠᠷᠢᠯᠭ᠎ᠠ ᠶᠢᠨ ᠬᠤᠭ ᠨᠣᠪᠰᠢ ᠶᠢ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ᠂ ᠲᠥᠷᠥᠯ ᠬᠤᠪᠢᠶᠠᠨ ᠰᠢᠢᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠲᠠ ᠶᠢᠨ ᠨᠠᠷᠢᠯᠢᠭᠵᠢᠭᠤᠯᠤᠭᠰᠠᠨ᠂ ᠶᠠᠰᠤ ᠴᠢᠨᠠᠷᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃      ︵ᠵᠢᠷᠭᠤᠭ᠎ᠠ︶ ᠬᠦᠴᠦ ᠪᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃      ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠠᠷ ᠭᠠᠷᠳᠠᠴᠠ ᠪᠣᠯᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠭᠤᠭᠴᠤᠭ᠎ᠠ ᠶᠢ ᠪᠠᠭᠠᠰᠬᠠᠨ᠂ ᠴᠤᠪᠤᠷᠠᠯ ᠢ ᠪᠠᠭᠠᠰᠬᠠᠵᠤ᠂ ᠴᠠᠭ ᠤᠨ ᠬᠢᠵᠠᠭᠠᠷ ᠢ ᠪᠠᠭᠠᠰᠬᠠᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠣᠯᠠᠨ ᠬᠡᠷᠡᠭ ᠶᠠᠪᠤᠳᠠᠯ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ︽ᠨᠢᠭᠡ ᠴᠣᠩᠬᠤ ᠪᠠᠷ ᠨᠡᠶᠢᠳᠡᠮ ᠭᠦᠢᠴᠡᠳᠭᠡᠬᠦ︾ ︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾ ᠶᠢ ᠪᠡᠶᠡᠯᠡᠭᠦᠯᠦᠨ᠎ᠡ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠨᠡᠶᠢᠳᠡᠮ ᠬᠠᠮᠤᠷᠬᠤ ᠶᠢ ᠭᠦᠨᠵᠡᠭᠡᠶᠢᠷᠡᠭᠦᠯᠦᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠰᠢᠭᠤᠳ ᠬᠦᠷᠭᠡᠬᠦ ᠦᠢᠯᠡᠴᠢᠯᠡᠭᠡ ᠶᠢ ᠶᠡᠬᠡᠪᠡᠷ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠪᠠ ︽12345︾ ᠶᠢᠨ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠦᠢᠯᠡᠳᠦᠯ ᠢ ᠪᠠᠳᠠᠷᠠᠭᠤᠯᠵᠤ᠂ ᠭᠤᠮᠣᠳᠠᠯ ᠬᠦᠰᠡᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠠᠰᠠᠭᠤᠳᠠᠯ ᠢ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ︽ᠵᠥᠭᠡᠯᠡᠨ ᠣᠷᠴᠢᠨ ᠨᠦᠬᠦᠴᠡᠯ︾ ᠢ ︽ᠬᠠᠲᠠᠭᠤ ᠪᠣᠳᠠᠲᠤ ᠬᠦᠴᠦᠨ︾ ᠪᠣᠯᠭᠠᠨ᠎ᠠ᠃      ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠢ᠂ ᠬᠠᠮᠲᠤ ᠶᠢᠨ ᠥᠮᠴᠢᠯᠡᠯ ᠤᠨ ᠡᠷᠬᠡ ᠵᠡᠷᠭᠡ ᠭᠤᠣᠯᠳᠠᠯᠭ᠎ᠠ ᠲᠠᠢ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠡᠷᠴᠢᠮᠯᠢᠭ ᠠᠰᠢᠭᠯᠠᠬᠤ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠪᠠᠶᠢᠭᠤᠯᠤᠯ᠂ ᠪᠠᠶᠢᠭᠠᠯᠢ ᠶᠢᠨ ᠡᠬᠢ ᠪᠠᠶᠠᠯᠢᠭ ᠤᠨ ᠡᠯᠧᠮᠧᠨ᠋ᠲ ᠢ ᠲᠣᠬᠢᠷᠠᠭᠤᠯᠬᠤ ᠪᠠ ᠬᠤᠳᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠮᠢᠳᠤᠯᠢᠭ ᠬᠦᠴᠦᠨ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠢ ᠪᠠᠶᠠᠯᠢᠭ ᠤᠨ ᠣᠷᠣᠭᠤᠯᠤᠯᠲᠠ ᠶᠢ ᠠᠮᠢᠳᠤᠯᠢᠭ ᠪᠣᠯᠭᠠᠬᠤ ᠶᠢ ᠲᠦᠷᠭᠡᠳᠬᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ ᠠᠵᠤ ᠠᠬᠤᠢ ᠨᠡᠶᠢᠭᠡᠮ ᠳᠤ ᠦᠢᠯᠡᠴᠢᠯᠡᠬᠦ ᠠᠷᠭ᠎ᠠ ᠵᠠᠮ ᠤᠨ ᠬᠦᠷᠢᠶ᠎ᠡ ᠶᠢ ᠥᠷᠭᠡᠳᠬᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠥᠷᠲᠡᠭ ᠢᠶᠠᠨ ᠬᠠᠳᠠᠭᠠᠯᠠᠵᠤ ᠥᠷᠲᠡᠭ ᠢᠶᠠᠨ ᠨᠡᠮᠡᠭᠳᠡᠭᠦᠯᠬᠦ ᠶᠢ ᠳᠠᠶᠢᠴᠢᠯᠠᠨ᠎ᠠ᠃      ︵ᠳᠣᠯᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠬᠦᠴᠦ ᠪᠠᠨ ᠲᠥᠪᠯᠡᠷᠡᠭᠦᠯᠵᠦ᠂ ᠨᠡᠶᠢᠭᠡᠮ ᠤᠨ ᠠᠵᠢᠯ ᠦᠢᠯᠡᠰ ᠢ ᠶᠡᠬᠡᠪᠡᠷ ᠬᠥᠭᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠪᠠᠭᠤᠷᠠᠢ ᠲᠠᠯ᠎ᠠ ᠶᠢ ᠲᠦᠷᠭᠡᠨ ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠠᠷᠠᠳ ᠲᠦᠮᠡᠨ ᠳᠤ ᠬᠦᠷᠲᠡᠭᠡᠨ᠎ᠡ᠃      ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠳᠡᠭᠡ ᠲᠣᠰᠬᠤᠨ ᠠᠴᠠ ᠰᠢᠯᠵᠢᠭᠰᠡᠨ ᠬᠥᠳᠡᠯᠮᠦᠷᠢ ᠶᠢᠨ ᠬᠦᠴᠦᠨ᠂ ᠬᠦᠴᠢᠷᠳᠡᠯ ᠲᠠᠢ ᠬᠥᠮᠥᠰ ᠵᠡᠷᠭᠡ ᠬᠠᠮᠲᠤᠯᠢᠭ ᠲᠤ ᠠᠵᠢᠯ ᠣᠯᠭᠤᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠤᠳᠠ ᠪᠠᠯᠭᠠᠰᠤᠨ ᠤ 800 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠨ ᠲᠤᠰᠢᠶᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠨᠠᠰᠤᠵᠢᠯ ᠤᠨ ᠳᠠᠭᠠᠳᠬᠠᠯ ᠪᠠ ᠡᠮᠴᠢᠯᠡᠭᠡᠨ ᠤ ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠨ᠎ᠠ᠃ ︽ᠨᠠᠰᠤᠲᠠᠨ ᠨᠢᠯᠬᠠᠰ︾ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠰᠢᠶᠠᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ᠲᠥᠪ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠷᠠᠳ ᠠᠴᠠ ᠡᠵᠡᠩᠨᠡᠭᠰᠡᠨ 3 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠵᠢᠷᠤᠮᠵᠢᠭᠤᠯᠤᠨ ᠠᠵᠢᠯᠯᠠᠭᠤᠯᠤᠨ᠎ᠠ᠃ ᠶᠠᠩ ᠭᠤᠸᠠᠩ ᠨᠡᠶᠢᠭᠡᠮ ᠲᠣᠭᠤᠷᠢᠭ ᠪᠠ ᠴᠢᠩ ᠱᠠᠨ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂  ᠸᠧᠨ ᠬᠤᠸᠠ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠯᠪᠠᠨ ᠠᠴᠠ ᠡᠷᠭᠢᠯᠡᠬᠦ ᠠᠷᠠᠳ ᠠᠴᠠ ᠡᠷᠭᠢᠯᠡᠬᠦ ᠶᠢ ᠤᠶᠠᠯᠳᠤᠭᠤᠯᠤᠭᠰᠠᠨ᠂ ᠦᠢᠯᠡᠴᠢᠯᠡᠭᠡᠨ ᠤ ᠲᠠᠰ ᠳᠠᠪᠬᠤᠷᠭ᠎ᠠ ᠨᠢ ᠪᠥᠬᠦ ᠲᠠᠯ᠎ᠠ ᠶᠢᠨ᠂ ᠣᠷᠳᠣ ᠬᠤᠭᠤᠴᠠᠭ᠎ᠠ ᠪᠠᠷ ᠨᠠᠶᠢᠳᠠᠨ ᠠᠰᠠᠷᠠᠭᠤᠯᠬᠤ ᠪᠠ ᠡᠳᠦᠷ ᠲᠤᠲᠤᠮ ᠤᠨ ᠬᠠᠷᠠᠭᠠᠯᠵᠠᠯ ᠢ ᠣᠷᠭᠠᠨᠢᠭ ᠢᠶᠠᠷ ᠠᠭᠤᠰᠤᠯᠴᠠᠭᠤᠯᠤᠭᠰᠠᠨ ᠰᠢᠶᠠᠨ ᠤ ᠬᠡᠪᠴᠢᠶᠡᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠦᠨ᠎ᠡ᠃ ᠬᠥ᠋ ᠵᠢᠢ ᠶᠤᠸᠠᠨ ᠴᠡᠴᠡᠷᠯᠢᠭ ᠤᠨ ᠲᠥᠷᠥᠯ ᠵᠦᠢᠯ ᠢ ᠪᠥᠬᠦ ᠲᠠᠯ᠎ᠠ ᠪᠠᠷ ᠳᠠᠭᠤᠰᠬᠠᠬᠤ ᠶᠢ ᠠᠬᠢᠭᠤᠯᠤᠨ᠎ᠠ᠃ ᠡᠮᠡᠭᠲᠡᠶᠢᠴᠦᠳ ᠬᠡᠦᠬᠡᠳ ᠤᠨ ︽ᠬᠤᠶᠠᠷ ᠬᠥᠲᠥᠯᠪᠦᠷᠢ︾ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠪᠠᠲᠤᠯᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠶᠢᠨ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠬᠥᠯᠥᠰᠦᠨ ᠠᠵᠢᠯᠴᠢᠨ ᠤ ᠴᠠᠯᠢᠩ ᠤᠨ ︽ᠲᠦᠷᠪᠡᠨ ᠳᠦᠷᠢᠮ ᠬᠤᠶᠠᠷ ᠮᠥᠩᠭᠦ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠭᠤ ᠰᠠᠨᠠᠭ᠎ᠠ ᠪᠠᠷ ᠴᠠᠯᠢᠩ ᠥᠷᠢᠲᠦᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ ᠠᠵᠢᠯ ᠢ ᠳᠡᠭᠡᠭᠰᠢᠯᠡᠭᠦᠯᠦᠨ᠎ᠡ᠃      ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠠᠰ ᠤᠨ ᠳᠦᠷᠢᠮ ᠪᠠ ᠦᠨᠡᠯᠡᠬᠦ ᠪᠠᠶᠢᠭᠤᠯᠤᠯ᠂ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠰᠤᠷᠭᠠᠭᠤᠯᠢ ᠶᠢᠨ ᠵᠠᠬᠢᠷᠤᠯ᠂ ᠪᠠᠭᠰᠢ ᠪᠠ ᠵᠢᠭᠠᠨ ᠰᠤᠳᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠯ ᠤᠨ ᠳᠣᠲᠣᠷ᠎ᠠ 76 ᠪᠠᠭᠰᠢ ᠤᠷᠢᠨ ᠬᠡᠷᠡᠭᠯᠡᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠣᠶᠤᠨ ᠤ ᠪᠠᠲᠤᠯᠠᠭ᠎ᠠ ᠬᠠᠩᠭᠠᠨ᠎ᠠ᠃ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠨ ᠭᠠᠯ ᠤᠨᠲᠠᠷᠠᠭᠠᠬᠤ ᠥᠭᠡᠷᠡᠴᠢᠯᠡᠯᠲᠡ ᠬᠠᠮᠠᠭᠠᠯᠠᠯᠲᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠥᠭᠡᠷᠡᠴᠢᠯᠡᠬᠦ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠪᠡᠶᠡᠯᠡᠭᠦᠯᠵᠦ᠂ 4 ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠳᠠᠭᠤᠰᠬᠠᠬᠤ ᠶᠢ ᠦᠨᠡᠨᠬᠦ ᠪᠠᠲᠤᠯᠠᠨ᠎ᠠ︔ ᠰᠤᠷᠭᠠᠭᠤᠯᠢ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠥᠪᠡᠷᠮᠢᠴᠡ ᠣᠨᠴᠠᠯᠢᠭ ᠪᠦᠬᠦᠢ ᠰᠤᠷᠭᠠᠭᠤᠯᠢ ᠶᠢᠨ ᠬᠦᠷᠢᠶᠡᠨ ᠤ ᠰᠣᠶᠣᠯ ᠢ ᠡᠭᠦᠳᠦᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠪᠡᠶᠡᠯᠡᠭᠦᠯᠦᠨ᠎ᠡ᠃ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠯᠠᠭᠤᠨ ᠳᠤᠯᠠᠭᠠᠨ ᠪᠥᠭᠡᠳ ᠴᠢᠨᠠᠷ ᠰᠠᠶᠢᠲᠠᠢ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠤᠢ ᠪᠣᠯᠭᠠᠨ᠎ᠠ᠃      ᠡᠷᠡᠭᠦᠯ ᠡᠩᠬᠡ ᠦᠴᠦᠸᠠᠨ ᠢ ᠬᠦᠴᠦᠯᠡᠨ ᠴᠣᠭᠴᠠᠯᠠᠨ᠎ᠠ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠤᠨ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠳᠣᠲᠣᠷ ᠰᠠᠯᠠᠭᠠᠨ ᠤ ᠲᠣᠮᠣ ᠠᠰᠠᠷ᠂ ᠬᠠᠯᠳᠠᠪᠤᠷᠢᠲᠤ ᠡᠪᠡᠳᠴᠢᠨ ᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠣᠷᠣ ᠶᠢᠨ ᠲᠤᠭ᠎ᠠ ᠶᠢ 400 ᠠᠴᠠ ᠳᠡᠭᠡᠭᠰᠢ ᠪᠠᠶᠢᠯᠭᠠᠨ᠎ᠠ᠃ ᠡᠮᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ 90 ᠡᠮᠴᠢ ᠰᠤᠪᠢᠯᠠᠭᠴᠢ ᠶᠢ ᠤᠷᠢᠨ ᠬᠡᠷᠡᠭᠯᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠵᠦ᠂ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠲᠤᠬᠠᠶᠢᠯᠠᠭᠰᠠᠨ ᠠᠵᠢᠯ ᠢ ᠰᠠᠶᠢᠲᠤᠷ ᠥᠷᠨᠢᠭᠦᠯᠦᠨ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠤᠯᠠᠨ ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠨ᠎ᠠ᠃ ᠰᠢᠶᠠᠨ ᠤ ᠡᠮᠨᠡᠯᠭᠡ ᠶᠢᠨ ᠬᠤᠷᠢᠶᠠᠨ ᠤ ᠣᠨᠴᠠᠯᠢᠭᠲᠤ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ 1-2 ᠬᠤᠳᠠ ᠶᠢᠨ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃      ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠲᠡ ᠶᠢ ᠴᠢᠩᠭ᠎ᠠ ᠠᠳᠬᠤᠵᠤ᠂ ᠣᠷᠣᠨ ᠪᠦᠰᠡ ᠶᠢᠨ ᠣᠨᠴᠠᠯᠢᠭ ᠢ ᠲᠣᠪᠤᠶᠢᠯᠭᠠᠨ᠂ 2 - 3 ᠰᠣᠳᠣᠨ ᠰᠣᠶᠣᠯ ᠤᠨ ᠪᠦᠲᠦᠭᠡᠯ ᠢ ᠡᠭᠦᠳᠦᠨ ᠪᠦᠲᠦᠭᠡᠨ᠎ᠡ᠃ ᠰᠢᠶᠠᠩ ᠪᠠᠯᠭᠠᠰᠤ᠂ ᠨᠡᠶᠢᠭᠡᠮ ᠲᠣᠭᠤᠷᠢᠭ ᠪᠠ ᠲᠣᠰᠬᠤᠨ ᠤ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠢ ᠲᠦᠷᠭᠡᠪᠴᠢᠯᠡᠨ ᠲᠡᠭᠦᠯᠳᠡᠷᠵᠢᠭᠦᠯᠵᠦ᠂ ᠰᠣᠶᠣᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃      ︵ᠨᠠᠢᠮᠠ︶ ᠨᠡᠶᠢᠭᠡᠮ ᠤᠨ ᠵᠠᠰᠠᠯᠲᠠ ᠳᠤ ᠬᠦᠴᠦ ᠪᠠᠨ ᠲᠥᠪᠯᠡᠷᠡᠭᠦᠯᠦᠨ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠦᠨ᠎ᠡ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠲᠦᠯᠬᠢᠨ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠡᠨᠡᠬᠦ ᠭᠤᠣᠯ ᠰᠢᠵᠢᠮ ᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠦᠷᠭᠦᠯᠵᠢᠯᠡᠨ ᠬᠥᠲᠥᠯᠥᠨ ᠵᠢᠯᠤᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠦᠨ᠎ᠡ᠃ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠷᠢᠨ ᠪᠦᠲᠦᠨ ᠣᠨᠣᠪᠴᠢᠲᠠᠶ ᠲᠤᠭᠤᠰᠢᠯᠠᠭᠤᠯᠤᠨ᠎ᠠ᠃ ᠱᠠᠰᠢᠨ ᠰᠤᠷᠲᠠᠬᠤᠨ ᠤ ᠲᠠᠯᠠᠪᠤᠷ ᠭᠠᠵᠠᠷ ᠢ ᠰᠤᠷᠭᠠᠨ ᠬᠥᠮᠥᠵᠢᠭᠦᠯᠵᠦ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠰ ᠲᠥᠷᠥᠯ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠦᠨᠳᠦ ᠡᠪᠡᠳᠴᠢᠨ ᠢ ᠡᠮᠨᠡᠨ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠬᠤ ᠵᠢᠴᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠨ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠠᠬᠢᠭᠤᠯᠤᠨ᠂ ᠨᠠᠰᠤᠲᠠᠶᠢᠴᠤᠳ ᠪᠠ ᠰᠠᠭᠤᠷᠢ ᠡᠪᠡᠳᠴᠢᠨ ᠣᠯᠣᠭᠰᠠᠨ ᠵᠡᠷᠭᠡ ᠭᠤᠣᠯᠳᠠᠯᠭ᠎ᠠ ᠲᠠᠢ ᠬᠥᠮᠥᠰ ᠤᠨ ᠠᠮᠢ ᠨᠠᠰᠤ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠨ᠎ᠠ᠃ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠠᠭᠤᠷᠢ ᠶᠢ ᠪᠠᠬᠢᠵᠢᠭᠦᠯᠦᠨ᠎ᠡ᠃      ᠠᠶᠤᠯᠭᠦᠢ ᠦᠢᠯᠡᠳᠪᠦᠷᠢᠯᠡᠯ ᠢ ᠦᠷᠭᠦᠯᠵᠢᠯᠡᠨ ᠪᠣᠳᠠᠲᠠᠢ ᠪᠠᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠲᠠᠯᠳᠠ ᠭᠡᠮ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠣᠨᠴᠠᠭᠠᠶ ᠴᠠᠭ ᠠᠭᠤᠷ ᠵᠡᠷᠭᠡ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠦᠷᠢᠨᠰᠢᠭᠦᠯᠵᠦ᠂ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠠᠶᠤᠯᠭᠦᠢ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠳᠠᠭᠠᠭᠠᠨ ᠪᠠᠲᠤᠯᠠᠬᠤ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡ᠂ ᠣᠷᠣᠨ ᠨᠤᠲᠤᠭ ᠤᠨ ᠥᠷᠢ ᠥᠭᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠵᠤ ᠠᠬᠤᠶᠢᠯᠠᠯ ᠤᠨ ᠭᠤᠣᠯ ᠴᠣᠭᠴᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠪᠥᠬᠦ ᠬᠡᠯᠬᠢᠶᠡᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃      ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠢ ᠠᠬᠢᠭᠤᠯᠵᠤ᠂ ᠨᠡᠶᠢᠭᠡᠮ ᠲᠣᠭᠤᠷᠢᠭ ︵ᠲᠣᠰᠬᠤᠨ︶ ᠤᠨ ᠵᠠᠰᠠᠯᠲᠠ ᠪᠠ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠠᠬᠢᠨ ᠳᠠᠪᠲᠠᠨ ᠵᠠᠬᠢᠳᠠᠯ ᠰᠤᠷᠪᠤᠯᠵᠢᠯᠠᠭ᠎ᠠ ᠬᠢᠬᠦ ᠶᠢ ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ︾ ᠲᠤᠰᠬᠠᠢ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠤᠨ ︽ᠭᠤᠷᠪᠠᠨ ᠨᠤᠷᠮ᠎ᠠ︾ ᠶᠢᠨ ᠬᠢᠷᠢ ᠲᠦᠪᠰᠢᠨ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠮᠤᠷ ᠲᠠᠶᠢᠪᠤᠩ ᠦᠴᠦᠸᠠᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠭᠡᠭᠡᠨ ᠲᠤᠩᠭᠠᠯᠠᠭ ᠢᠨᠵᠧᠨᠧᠷᠢᠩ︾᠂ ︽ᠣᠶᠤᠨᠲᠤ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠲᠡᠰ ᠳᠡᠪᠰᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠣᠰᠤᠭ᠎ᠠ ᠴᠣᠭᠴᠠᠲᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠳᠠ ᠬᠥᠳᠡᠭᠡ ᠶᠢ ᠨᠡᠩ ᠠᠮᠤᠷ ᠲᠣᠭᠲᠠᠭᠤᠨ᠂ ᠤᠯᠠᠨ ᠲᠦᠮᠡᠨ ᠢ ᠨᠡᠩ ᠠᠮᠤᠷ ᠵᠢᠷᠭᠠᠯ ᠲᠠᠢ ᠪᠣᠯᠭᠠᠨ᠎ᠠ᠃      ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠶᠢ ᠳᠡᠮᠵᠢᠵᠦ᠂ ᠠᠬᠠᠮᠠᠳ ᠺᠠᠳ᠋ᠷ ᠤᠨ ᠲᠤᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ᠂ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠠᠬᠢᠭᠤᠯᠬᠤ ᠬᠤᠷᠠᠯ᠂  ᠪᠤᠶᠠᠨᠴᠢ ᠦᠢᠯᠡᠰ ᠤᠨ ᠶᠡᠷᠦᠩᠬᠡᠢ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠢᠳᠡᠪᠬᠢ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠭ᠎ᠠ ᠪᠦᠷᠢᠳᠬᠡᠯ᠂ ᠬᠢᠨᠠᠨ ᠪᠣᠳᠣᠯᠲᠠ᠂ ᠭᠠᠵᠠᠷ ᠬᠥᠳᠡᠯᠦᠯᠲᠡ᠂ ᠴᠠᠭ ᠠᠭᠤᠷ᠂ ᠲᠠᠩᠰᠠ ᠡᠪᠬᠡᠮᠡᠯ᠂ ᠬᠠᠩᠭᠠᠨ ᠪᠣᠷᠣᠯᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ      ᠰᠢᠨ᠎ᠡ ᠠᠶᠠᠨ ᠵᠠᠮ᠂ ᠰᠢᠨ᠎ᠡ ᠡᠭᠦᠷᠭᠡ ᠨᠢ ᠵᠠᠰᠠᠭ ᠤᠨ ᠣᠷᠳᠣᠨ ᠤ ᠠᠵᠢᠯ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠪᠠᠶᠢᠳᠠᠯ ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠠᠵᠢᠯᠴᠢ ᠬᠢᠴᠢᠶᠡᠩᠭᠦᠢ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃      ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠ ᠠᠷᠠᠳ ᠲᠦᠮᠡᠨ ᠳᠤ ᠲᠤᠶᠢᠯ ᠤᠨ ᠦᠨᠡᠨᠴᠢ ᠰᠢᠳᠤᠷᠭᠤ ᠪᠠᠶᠢᠬᠤ ᠶᠢ ᠲᠠᠶᠢᠯᠪᠤᠷᠢᠯᠠᠨ᠎ᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠳᠠᠷᠤᠤ ᠬᠢᠴᠢᠶᠡᠩᠭᠦᠢ ᠪᠠᠷ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢ ᠲᠠᠶᠢᠴᠢᠯᠠᠵᠤ᠂ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠨ᠎ᠠ᠃      ᠬᠡᠷᠡᠭᠵᠢᠭᠦᠯᠦᠯᠲᠡ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠲᠡᠷᠢᠭᠦᠨ ᠬᠠᠷᠢᠭᠤᠴᠠᠯᠭ᠎ᠠ ᠪᠠᠨ ᠪᠣᠯᠭᠠᠵᠤ᠂ ︽ᠳᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠠᠵᠢᠯ ᠬᠢᠵᠦ ᠦᠢᠯᠡᠰ ᠪᠣᠰᠬᠠᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠴᠤᠭ ᠰᠦᠯᠳᠡ ᠪᠠᠨ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠠᠵᠢᠯ ᠤᠨ ᠨᠠᠷᠢᠨ ᠲᠠᠩᠰᠠ ᠶᠢᠨ ᠬᠠᠮᠢᠶᠠᠷᠤᠯᠲᠠ ᠪᠠ ᠬᠠᠷᠢᠭᠤᠴᠠᠯᠭ᠎ᠠ ᠶᠢ ᠵᠠᠳᠠᠯᠬᠤ ᠲᠣᠭᠲᠠᠴᠠ ᠶᠢ ᠪᠦᠷᠢᠨᠰᠢᠭᠦᠯᠵᠦ᠂ ᠲᠣᠭᠲᠠᠭᠠᠭᠰᠠᠨ ᠤᠴᠢᠷ ᠶᠠᠪᠤᠳᠠᠯ᠂ ᠪᠠᠶᠢᠷᠢᠯᠠᠭᠤᠯᠤᠭᠰᠠᠨ ᠠᠵᠢᠯ ᠢᠶᠠᠨ ᠲᠡᠷᠡ ᠳᠠᠷᠤᠢ ᠳᠤᠨᠢ ᠬᠡᠯᠡᠵᠦ ᠲᠡᠷᠡ ᠳᠠᠷᠤᠢ ᠳᠤᠨᠢ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃      ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠰᠠᠬᠢᠯᠭ᠎ᠠ ᠪᠠᠲᠤ ᠪᠠ ᠶᠣᠰᠣ ᠳᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂  ᠬᠢᠨᠠᠨ ᠪᠤᠳᠤᠬᠤ ᠶᠢᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︽ᠠᠷᠪᠢᠯᠠᠨ ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠣᠭᠤᠰ ᠨᠢᠭᠡᠪᠦᠷᠢ ᠶᠢ ᠴᠥᠮ ︽ᠵᠠᠩᠭᠢᠯᠠᠭ᠎ᠠ ᠶᠢᠨ ᠭᠠᠵᠠᠷ︾ ᠲᠤ ᠦᠨᠡᠨᠬᠦ ᠬᠡᠷᠡᠭᠯᠡᠨ᠎ᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠠᠷᠠᠳ ᠤᠨ ᠲᠥᠯᠥᠭᠡ ᠪᠣᠳᠠᠲᠤ ᠠᠵᠢᠯᠯᠠᠭ᠎ᠠ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠤᠯᠬᠠᠨ᠎ᠠ᠃      ᠲᠥᠯᠥᠭᠡᠯᠡᠭᠴᠢᠳ ᠠ᠋᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号