ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠠᠴᠠ | ᠭᠠᠳᠠᠭᠤᠷ ︿ᠪᠥᠬᠦ ᠣᠷᠣᠨ ᠳᠤ ᠨᠡᠶᠢᠳᠡᠮ ᠭᠦᠢᠴᠡᠳᠬᠡᠬᠦ﹀ ᠵᠦᠢᠯᠡᠰ ᠤᠨ ᠨᠠᠷᠢᠨ ᠬᠠᠭᠤᠳᠠᠰᠤ ︵156 ᠵᠦᠢᠯ︶︾ | ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 39 ᠳ᠋ᠦ᠋ᠭᠡᠷ ᠲᠣᠭᠠᠲᠤ᠂ ᠳᠣᠷᠣᠭᠰᠢ ︽ᠨᠡᠶᠢᠳᠡᠮ ᠭᠦᠢᠴᠡᠳᠬᠡᠬᠦ | ᠨᠠᠷᠢᠨ ᠬᠠᠭᠤᠳᠠᠰᠤ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ᠬᠢᠨ ᠤ | ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠮᠡᠳᠡᠬᠦ ᠪᠠ | ᠵᠥᠪ ᠣᠨᠣᠪᠴᠢᠲᠠᠶ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠤᠰᠠᠳᠠ᠂ 2023 ᠣᠨ ᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠱᠠᠭᠠᠷᠳᠠᠯᠭ᠎ᠠ ᠶᠢ ᠦᠨᠳᠦᠰᠦᠯᠡᠵᠦ᠂ ︽ᠮᠤᠵᠢ | ᠠᠯᠤᠰᠯᠠᠨ ᠨᠡᠶᠢᠳᠡᠮ ᠭᠦᠢᠴᠡᠳᠬᠡᠬᠦ︾ ᠠᠵᠢᠯ ᠲᠠᠢ ᠤᠶᠠᠯᠳᠤᠭᠤᠯᠤᠨ᠂ ᠲᠦᠷ ᠴᠠᠭ ᠤᠨ ᠪᠡᠶ᠎ᠡ ᠶᠢᠨ ᠦᠨᠡᠮᠯᠡᠯ᠂ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ | ᠵᠡᠷᠭᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠭᠤᠷᠢᠨ ᠳᠤ᠂ ︽ᠨᠡᠶᠢᠳᠡᠮ | ᠭᠦᠢᠴᠡᠳᠬᠡᠬᠦ ᠨᠠᠷᠢᠨ ᠬᠠᠭᠤᠳᠠᠰᠤ︾ ᠶᠢ ᠲᠣᠭᠲᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠨ᠂ ᠠᠵᠢᠯ ᠶᠠᠪᠤᠳᠠᠯ ᠭᠦᠢᠴᠡᠳᠬᠡᠬᠦ ᠬᠠᠷᠢᠶ᠎ᠠ ᠭᠠᠵᠠᠷ ᠤᠨ ᠬᠢᠵᠠᠭᠠᠷᠯᠠᠯ ᠢ ᠡᠪᠳᠡᠵᠦ᠂ | ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ | ᠢᠯᠭᠠᠭ᠎ᠠ ᠵᠥᠷᠢᠶ᠎ᠡ ᠦᠭᠡᠢ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠢ ᠬᠠᠩᠭᠠᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ ᠲᠥᠷᠥᠯ | ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠎ᠠ᠃ ᠡᠷᠦᠬᠡ ᠠᠮᠠ ᠶᠢᠨ ᠬᠠᠷᠢᠶᠠᠯᠠᠯ ᠤᠨ ᠭᠡᠷᠡᠴᠢ ᠭᠠᠷᠭᠠᠬᠤ᠂ ᠡᠷᠦᠬᠡ | ᠠᠮᠠ ᠰᠢᠯᠵᠢᠭᠦᠯᠬᠦ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠵᠡᠷᠭᠡ ᠳᠤ ᠬᠤᠯᠪᠣᠭᠳᠠᠭᠰᠠᠨ 24 | ᠵᠦᠢᠯ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠵᠦᠢᠯᠡᠰ ᠢ ᠨᠡᠭᠦᠯᠭᠡᠵᠦ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠳᠤ | ᠭᠦᠢᠴᠡᠳᠬᠡᠨ᠎ᠡ᠃ ᠪᠤᠰᠤᠳ 132 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ | ᠬᠠᠪᠢ ᠳᠤ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ | ︾ ᠴᠣᠩᠬᠤᠪᠴᠢ ᠶᠢ ᠰᠣᠩᠭᠤᠨ ᠭᠦᠢᠴᠡᠳᠬᠡᠵᠦ ᠪᠣᠯᠣᠨ᠎ᠠ᠃ | ︵ᠬᠤᠶᠠᠷ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠶᠢᠨ | ᠲᠤᠯᠭᠠᠭᠤᠷᠢᠯᠠᠯ ᠶᠢ ᠴᠢᠩᠭᠠᠳᠬᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ ᠲᠤᠰᠬᠠᠢ ᠴᠣᠩᠬᠤᠪᠴᠢ ᠲᠣᠬᠢᠷᠠᠭᠤᠯᠵᠤ᠂ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠮᠠᠲ᠋ᠧᠷᠢᠶᠠᠯ ᠢ ᠣᠨᠳᠣᠣ | ᠭᠠᠵᠠᠷ ᠲᠤ ᠣᠷᠣᠯᠠᠨ ᠬᠤᠷᠢᠶᠠᠵᠤ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ ︽ᠨᠢᠭᠡ | ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠦᠨ᠎ᠡ᠃ | ︵ᠭᠤᠷᠪᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ | ᠵᠣᠯᠭᠠᠭᠤᠯᠬᠤ ᠶᠢ ᠲᠦᠷᠭᠡᠳᠬᠡᠨ᠎ᠡ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠵᠦᠢᠯᠡᠰ ᠤᠨ ᠨᠡᠷᠡᠶᠢᠳᠦᠯ᠂ ᠭᠠᠷᠴᠠᠭ ᠳ᠋ᠤᠭᠠᠷᠯᠠᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ | ᠵᠡᠷᠭᠡ ᠮᠡᠳᠡᠭᠡ ᠵᠠᠩᠭᠢ ᠶᠢᠨ ᠡᠯᠧᠮᠧᠨ᠋ᠲ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠠᠵᠢᠯ ᠢ ᠨᠢᠭᠡᠳᠦᠯᠲᠡᠢ | ᠲᠥᠯᠥᠪᠯᠡᠨ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠪᠥᠬᠦ ᠴᠤᠪᠤᠷᠠᠯ ᠤᠨ ︽ᠵᠥᠷᠢᠶ᠎ᠡ ᠦᠭᠡᠢ︾ | ᠭᠦᠢᠴᠡᠳᠬᠡᠬᠦ ᠶᠢ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃ | ︵ᠳᠥᠷᠪᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠰᠢᠯᠵᠢᠭᠦᠯᠦᠨ | ᠭᠦᠢᠴᠡᠳᠬᠡᠬᠦ ᠴᠠᠭ ᠤᠨ ᠬᠢᠵᠠᠭᠠᠷ ᠢ ᠴᠢᠩᠳᠠᠯᠠᠨ᠎ᠠ᠃ ᠭᠥᠯᠢᠶᠡᠨ ᠠᠪᠬᠤ ᠭᠠᠵᠠᠷ᠂ ᠭᠦᠢᠴᠡᠳᠬᠡᠬᠦ ᠭᠠᠵᠠᠷ ᠤᠨ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠨᠢ ᠲᠣᠰ ᠲᠣᠰ 1ᠠᠵᠢᠯᠯᠠᠬᠤ ᠡᠳᠦᠷ ᠤᠨ ᠳᠣᠲᠣᠷ᠎ᠠ | ᠭᠥᠯᠢᠶᠡᠨ ᠠᠪᠬᠤ ᠶᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠦᠨ ᠭᠦᠢᠴᠡᠳᠬᠡᠯᠭᠡᠵᠦ᠂ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠭᠦᠢᠴᠡᠳᠬᠡᠵᠦ ᠳᠠᠭᠤᠰᠬᠠᠬᠤ ᠶᠢᠨ ᠬᠠᠮᠲᠤ 1 | ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ ᠴᠠᠭᠠᠰᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ | ᠴᠢᠬᠤᠯᠠ ᠲᠠᠢ ᠶᠢ ᠨᠢ 2 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ | ︵ᠲᠠᠪᠤ︶ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠨᠡᠶᠢᠳᠡᠮ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ | ᠰᠠᠯᠠᠭ᠎ᠠ ᠮᠥᠴᠢᠷ ᠪᠠ ᠣᠨᠳᠣᠣ ᠭᠠᠵᠠᠷ ᠤᠨ ᠰᠠᠯᠠᠭ᠎ᠠ ᠮᠥᠴᠢᠷ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠴᠢᠩᠭᠠᠳᠬᠠᠨ᠂ | ᠨᠢᠭᠲᠠ ᠮᠥᠷᠲᠡᠭᠡᠨ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ ᠬᠡᠷᠡᠭ ᠶᠠᠪᠤᠳᠠᠯ ᠭᠦᠢᠴᠡᠳᠬᠡᠬᠦ | ᠴᠤᠪᠤᠷᠠᠯ ᠤᠨ ᠪᠢᠲᠡᠭᠦᠦ ᠴᠠᠭᠠᠷᠢᠭ ᠢ ᠪᠣᠶ ᠪᠣᠯᠭᠠᠨ᠎ᠠ᠃ | ︵ᠵᠢᠷᠭᠤᠭ᠎ᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠶᠢᠨ ᠰᠢᠯᠭᠠᠨ | ᠬᠢᠨᠠᠵᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠶᠢ ᠬᠠᠷᠠᠯᠲᠠᠲᠤ ᠰᠢᠯᠭᠠᠨ ᠬᠢᠨᠠᠯᠲᠠ ᠪᠠ ᠲᠤᠰᠬᠠᠢ ᠰᠢᠮᠳᠠᠭᠤᠯᠤᠨ ᠪᠠᠶᠢᠴᠠᠭᠠᠯᠲᠠ ᠶᠢᠨ | ᠠᠭᠤᠯᠭ᠎ᠠ ᠳᠤ ᠣᠷᠣᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ᠭᠤᠷᠪᠠ᠂ ᠣᠨᠴᠠᠯᠢᠭ ᠪᠠ ᠭᠢᠯᠠᠰ ᠴᠡᠭ | ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠨᠢ ᠠᠵᠤ ᠠᠬᠤᠶᠢᠯᠠᠯ ᠪᠣᠯᠣᠨ ᠣᠯᠠᠨ ᠲᠦᠮᠡᠨ ᠤ | ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ | ᠪᠠᠷᠢᠮᠵᠢᠶ᠎ᠠ ᠶᠢ ᠵᠢᠷᠤᠮᠵᠢᠭᠤᠯᠤᠨ᠂ ᠲᠤᠯᠭᠠᠭᠤᠷᠢᠯᠠᠯ ᠢ ᠳᠡᠭᠡᠭᠰᠢᠯᠡᠭᠦᠯᠵᠦ᠂ ᠪᠥᠬᠦ ᠣᠷᠣᠨ ᠤ ᠪᠠᠷᠢᠮᠵᠢᠶ᠎ᠠ ᠶᠢ ᠨᠢᠭᠡᠳᠦᠭᠦᠯᠬᠦ᠂ | ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ᠂ | ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ ᠬᠡᠷᠡᠭᠯᠡᠨ ᠪᠢᠲᠡᠭᠦᠦ ᠴᠠᠭᠠᠷᠢᠭ ᠢᠶᠠᠷ | ᠭᠦᠢᠴᠡᠳᠬᠡᠬᠦ ᠵᠠᠭᠪᠤᠷ ᠢ ᠪᠣᠶ ᠪᠣᠯᠭᠠᠭᠰᠠᠨ ᠨᠢ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ︽ᠣᠯᠠᠨ | ᠭᠠᠵᠠᠷ ᠲᠤ ᠣᠴᠢᠬᠤ︾ ︽ᠨᠠᠭᠠᠰᠢ ᠴᠠᠭᠠᠰᠢ ᠭᠦᠶᠦᠬᠦ︾ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ | ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠦᠭᠡᠢ ᠵᠠᠮ | ᠬᠠᠷᠢᠯᠴᠠᠭᠠᠨ ᠤ ᠵᠠᠷᠤᠳᠠᠯ ᠪᠠ ᠴᠠᠭ ᠬᠤᠭᠤᠴᠠᠭᠠᠨ ᠤ ᠥᠪᠡᠷ ᠤᠨ ᠥᠷᠲᠡᠭ ᠢ ᠠᠷᠪᠢᠯᠠᠪᠠ᠃ |