︵ᠰᠤᠷᠪᠤᠯᠵᠢᠯᠠᠭᠴᠢ ᠰᠥᠩ ᠰᠢᠶᠠᠩ ᠬᠤᠸᠠ︶ ᠰᠤᠷᠪᠤᠯᠵᠢᠯᠠᠭᠴᠢ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠠᠴᠠ ᠨᠠᠰᠢ᠂ ᠮᠠᠨ ᠤ ᠬᠤᠲᠠ ᠠᠮᠤ ᠪᠤᠳᠠᠭ᠎ᠠ ᠪᠣᠳᠠᠲᠠᠢ ᠳᠠᠷᠢᠵᠤ | ᠪᠠᠶᠢᠭ᠎ᠠ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠬᠤ ᠠᠵᠢᠯ ᠢ ᠲᠦᠷᠭᠡᠨ ᠠᠬᠢᠭᠤᠯᠵᠤ᠂ | ᠣᠳᠣᠬᠠᠨ ᠳᠤ ᠠᠮᠤ ᠪᠤᠳᠠᠭ᠎ᠠ ᠪᠣᠳᠠᠲᠠᠢ ᠳᠠᠷᠢᠵᠤ ᠪᠠᠶᠢᠭ᠎ᠠ ᠲᠠᠷᠢᠶᠠᠴᠢᠳ ᠤᠨ ᠨᠢᠭᠡ ᠤᠳᠠᠭ᠎ᠠ ᠶᠢᠨ ᠴᠢᠨᠠᠷᠲᠠᠢ | 2023 ᠣᠨ ᠤ ᠲᠥᠪ ᠤᠨ ᠨᠥᠬᠦᠪᠦᠷᠢ ᠮᠥᠩᠭᠦ ᠶᠢ ᠨᠢᠭᠡᠨᠲᠡ 2711 ᠲᠦᠮᠡᠨ ᠲᠥᠭᠦᠷᠢᠭ ᠪᠠᠭᠤᠯᠭᠠᠪᠠ᠃ | ᠲᠤᠰ ᠤᠳᠠᠭᠠᠨ ᠤ ᠨᠥᠬᠦᠪᠦᠷᠢ ᠪᠡᠯᠡ ᠮᠥᠩᠭᠦ ᠲᠠᠷᠬᠠᠭᠠᠬᠤ ᠡᠲᠡᠭᠡᠳ ᠪᠣᠯ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠰᠬᠦ ᠥᠪᠡᠷ ᠤᠨ ᠥᠷᠲᠡᠭ ᠢ ᠪᠣᠳᠠᠲᠠᠢ ᠡᠭᠦᠷᠭᠡᠯᠡᠭᠰᠡᠨ ᠠᠮᠤ | ᠪᠤᠳᠠᠭ᠎ᠠ ᠲᠠᠷᠢᠭᠰᠠᠨ ᠬᠥᠮᠥᠨ ᠪᠣᠯᠣᠨ᠎ᠠ᠂ ᠡᠭᠦᠨ ᠳᠤ ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠠᠰᠢᠭᠯᠠᠨ ᠠᠮᠤ | ᠪᠤᠳᠠᠭ᠎ᠠ ᠲᠠᠷᠢᠭᠰᠠᠨ ᠲᠠᠷᠢᠶᠠᠴᠢᠨ ᠢ ᠪᠠᠭᠲᠠᠭᠠᠬᠤ ᠮᠥᠷᠲᠡᠭᠡᠨ ᠪᠠᠰᠠ ᠡᠷᠭᠢᠯᠲᠡ ᠳᠤ ᠣᠷᠣᠭᠤᠯᠤᠭᠰᠠᠨ ᠭᠠᠵᠠᠷ | ᠰᠢᠷᠣᠢ ᠶᠢ ᠵᠠᠯᠭᠠᠵᠤ ᠠᠪᠤᠭᠰᠠᠨ ᠠᠮᠤ ᠪᠤᠳᠠᠭ᠎ᠠ ᠲᠠᠷᠢᠭᠰᠠᠨ ᠲᠣᠮᠣ ᠡᠷᠦᠭᠡ᠂ ᠭᠡᠷ ᠪᠦᠯᠢ ᠶᠢᠨ ᠲᠠᠷᠢᠶᠠᠯᠠᠩ ᠤᠨ | ᠲᠠᠯᠠᠪᠠᠢ᠂ ᠲᠠᠷᠢᠶᠠᠴᠢᠳ ᠤᠨ ᠬᠤᠷᠰᠢᠶ᠎ᠠ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ | ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠵᠢᠴᠢ ᠠᠮᠤ ᠪᠤᠳᠠᠭ᠎ᠠ ᠲᠠᠷᠢᠬᠤ ᠭᠠᠵᠠᠷ ᠬᠠᠭᠠᠯᠪᠤᠷᠢᠯᠠᠵᠤ᠂ | ᠲᠠᠷᠢᠵᠤ᠂ ᠬᠤᠷᠢᠶᠠᠬᠤ ᠪᠦᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠬᠤᠪᠢ | ᠬᠥᠮᠥᠨ ᠪᠠ ᠵᠣᠬᠢᠶᠠᠨ ᠪᠠᠶᠢᠭᠤᠯᠤᠯᠲᠠ ᠶᠢ ᠪᠠᠭᠲᠠᠭᠠᠪᠠ᠃ ᠡᠨᠡ ᠬᠦ ᠨᠥᠬᠦᠪᠦᠷᠢ ᠨᠢ ᠠᠮᠤ ᠪᠤᠳᠠᠭ᠎ᠠ ᠪᠣᠳᠠᠲᠠᠢ | ᠲᠠᠷᠢᠭᠰᠠᠨ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠵᠤ᠂ ᠲᠠᠷᠢᠶᠠᠴᠢᠳ ᠤᠨ ᠠᠮᠤ | ᠪᠤᠳᠠᠭ᠎ᠠ ᠲᠠᠷᠢᠬᠤ ᠢᠳᠡᠪᠬᠢᠵᠢᠯ ᠢ ᠤᠯᠠᠮ ᠨᠢᠭᠡ ᠠᠯᠬᠤᠮ ᠲᠠᠶᠢᠴᠢᠯᠠᠨ᠂ ᠲᠠᠷᠢᠶᠠᠯᠠᠩ ᠤᠨ ᠦᠢᠯᠡᠳᠪᠦᠷᠢᠯᠡᠯ ᠢ | ᠨᠢᠭᠡᠳᠦᠯᠲᠡᠢ ᠲᠥᠯᠥᠪᠯᠡᠨ ᠳᠡᠮᠵᠢᠬᠦ ᠶᠢᠨ ᠲᠥᠯᠥᠭᠡ ᠶᠤᠮ᠃ | ᠣᠳᠣᠬᠠᠨ ᠳᠤ᠂ ᠡᠯ᠎ᠡ ᠬᠤᠰᠢᠭᠤ ᠰᠢᠶᠠᠨ ︵ᠲᠣᠭᠤᠷᠢᠭ︶ ᠤ ᠨᠥᠬᠦᠪᠦᠷᠢ ᠣᠯᠭᠤᠬᠤ ᠠᠵᠢᠯ ᠶᠠᠭ ᠡᠮᠬᠢ | ᠵᠢᠷᠤᠮ ᠲᠠᠢ ᠶᠠᠪᠤᠭᠳᠠᠵᠤ ᠪᠣᠶ᠃ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ᠲᠣᠭᠤᠷᠢᠭ | ᠨᠢ ᠪᠡᠯᠡ ᠮᠥᠩᠭᠦ ᠶᠢᠨ ᠲᠤᠭ᠎ᠠ ᠬᠡᠮᠵᠢᠶ᠎ᠡ᠂ ᠠᠮᠤ ᠪᠤᠳᠠᠭ᠎ᠠ ᠲᠠᠷᠢᠭᠰᠠᠨ ᠲᠠᠯᠠᠪᠠᠶ ᠵᠡᠷᠭᠡ | ᠪᠠᠶᠢᠳᠠᠯ ᠲᠠᠢ ᠤᠶᠠᠯᠳᠤᠭᠤᠯᠤᠨ ᠲᠣᠰ ᠣᠷᠣᠨ ᠪᠦᠰᠡ ᠶᠢᠨ ᠳᠣᠲᠣᠷᠠᠬᠢ ᠨᠥᠬᠦᠪᠦᠷᠢ ᠶᠢᠨ ᠵᠣᠭᠤᠰ ᠤᠨ ᠲᠤᠭ᠎ᠠ ᠶᠢ | ᠶᠡᠷᠦᠩᠬᠡᠶᠢᠯᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠬᠤᠰᠢᠭᠤ ᠰᠢᠶᠠᠨ ᠤ ᠣᠷᠣᠨ ᠪᠦᠰᠡ ᠶᠢᠨ ᠳᠣᠲᠣᠷᠠᠬᠢ | ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠡᠭᠦᠨ ᠤ ᠵᠡᠷᠭᠡ᠂ ᠡᠯ᠎ᠡ ᠬᠤᠰᠢᠭᠤ ᠰᠢᠶᠠᠨ ︵ | ᠲᠣᠭᠤᠷᠢᠭ︶ ᠨᠦᠭᠦᠳ ᠨᠥᠬᠦᠪᠦᠷᠢ ᠶᠢ ᠬᠢᠨᠠᠨ ᠬᠠᠷᠭᠤᠭᠤᠯᠬᠤ᠂ ᠣᠯᠭᠤᠬᠤ᠂ ᠢᠯᠡ ᠨᠡᠶᠢᠲᠡᠯᠡᠬᠦ ᠵᠡᠷᠭᠡ | ᠭᠤᠭᠴᠤᠭ᠎ᠠ ᠶᠢᠨ ᠪᠣᠳᠠᠲᠠᠢ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠳᠣᠬᠢᠴᠢᠯᠠᠭᠰᠠᠨ | ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠨᠥᠬᠦᠪᠦᠷᠢ ᠶᠢᠨ ᠪᠡᠯᠡ ᠮᠥᠩᠭᠦ ᠶᠢ | ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠦᠷᠭᠦᠯᠵᠢᠯᠡᠨ ︽ᠪᠥᠬᠦᠨ ᠳᠤ ᠲᠣᠬᠢᠷᠠᠬᠤ | ᠺᠠᠷᠲ︾ ᠤᠨ ᠠᠷᠭ᠎ᠠ ᠮᠠᠶ᠋ᠢᠭ ᠢ ᠠᠪᠴᠤ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠭᠦᠢᠴᠡᠳ | ᠲᠤᠭ᠎ᠠ ᠪᠠᠷ ᠪᠣᠳᠠᠲᠠᠢ ᠣᠯᠭᠤᠬᠤ ᠬᠡᠷᠡᠭᠲᠡᠢ᠃ | | |