ᠥᠪᠡᠷᠲᠡᠭᠡᠨ ᠵᠠᠰᠠᠬᠤ ᠣᠷᠣᠨ ᠠᠴᠠ ᠰᠢᠷ᠎ᠠ ᠪᠤᠷᠴᠠᠭ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2023/6/14
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ  ᠪᠠᠶᠢᠭᠤᠯᠬᠤ ᠶᠢ  ᠵᠥᠪᠰᠢᠶᠡᠷᠡᠪᠡ᠃      ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠠᠴᠠ ᠲᠦᠷᠦᠭᠦᠯᠡᠨ ᠵᠣᠬᠢᠶᠠᠨ ᠪᠠᠶᠢᠭᠤᠯᠵᠤ᠂ ᠳᠤᠮᠳᠠᠳᠤ ᠤᠯᠤᠰ ᠤᠨ ᠬᠥᠳᠡᠭᠡ ᠠᠵᠤ ᠠᠬᠤᠢ  ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠵᠡᠭᠦᠨ ᠬᠤᠶᠢᠲᠤ ᠶᠢᠨ ᠲᠠᠷᠢᠶᠠᠯᠠᠩ ᠤᠨ ᠶᠡᠭᠡ  ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠮᠠᠯ  ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠣᠷᠣᠨ ᠤ ᠳᠣᠲᠣᠨ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠲᠠᠢ ᠬᠠᠮᠲᠤᠷᠠᠨ᠂ ᠰᠢᠷ᠎ᠠ ᠪᠤᠷᠴᠠᠭ ᠤᠨ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠᠷ ᠭᠤᠣᠯ ᠪᠣᠯᠭᠠᠨ᠂ ᠰᠢᠷ᠎ᠠ ᠪᠤᠷᠴᠠᠭ ᠤᠨ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠪᠠ ᠨᠡᠭᠡᠭᠡᠨ ᠠᠰᠢᠭᠯᠠᠬᠤ᠂ ᠰᠢᠷ᠎ᠠ ᠪᠤᠷᠴᠠᠭ ᠢ ᠨᠠᠷᠢᠯᠢᠭ ᠡᠳ᠋ᠰᠢᠭᠦᠯᠬᠦ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠦᠷ᠎ᠡ ᠡᠳ᠋ ᠤᠨ ᠡᠬᠢ ᠪᠠᠶᠠᠯᠢᠭ ᠤᠨ ᠦᠨᠡᠯᠡᠯᠲᠡ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠮᠠᠨ ᠤ ᠣᠷᠣᠨ ᠤ ᠰᠢᠷ᠎ᠠ ᠪᠤᠷᠴᠠᠭ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠢᠭᠡᠳ ᠥᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠷ᠎ᠠ ᠪᠤᠷᠴᠠᠭ ᠤᠨ ᠠᠵᠤ ᠦᠢᠯᠡᠰ ᠤᠨ ᠪᠦᠭᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠲᠦᠷᠦᠭᠦᠯᠡᠨ᠂ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠭᠢᠷᠢᠨ ᠤ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠭᠦ᠋ ᠯᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ  ᠵᠡᠷᠭᠡ ᠨᠢᠭᠡᠴᠢ ᠲᠠᠢ ᠬᠠᠮᠲᠤᠷᠠᠨ ᠪᠠᠶᠢᠭᠤᠯᠵᠤ᠂ ᠡᠰ ᠤᠨ ᠢᠨᠵᠧᠨᠧᠷᠢᠩ᠂ ᠪᠤᠳᠤᠭᠳᠠᠮᠠᠬᠠᠢ  ᠪᠡᠶ᠎ᠡ ᠶᠢᠨ ᠢᠨᠵᠧᠨᠧᠷᠢᠩ᠂  ᠭᠧᠨ ᠤ ᠢᠨᠵᠧᠨᠧᠷᠢᠩ  ᠵᠡᠷᠭᠡ ᠠᠮᠢᠳᠤ ᠪᠣᠳᠠᠰ ᠤᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠡᠭᠦᠯᠳᠡᠷ ᠪᠣᠶᠢᠵᠢᠭᠤᠯᠬᠤ ᠮᠡᠷᠭᠡᠵᠢᠯ᠂ ᠰᠢᠯᠢᠳᠡᠭ ᠭᠧᠨ ᠢ ᠠᠭᠤᠳᠠᠯᠬᠤ᠂ ᠦᠷ᠎ᠡ ᠡᠳ᠋ ᠤᠨ ᠡᠬᠢ ᠪᠠᠶᠠᠯᠢᠭ ᠢ ᠡᠭᠦᠳᠦᠨ ᠪᠦᠲᠦᠭᠡᠬᠦ᠂ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠵᠡᠷᠭᠡ ᠲᠠᠯ᠎ᠠ ᠪᠠᠷ ᠰᠢᠨ᠎ᠡ ᠶᠢ ᠡᠭᠦᠳᠴᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠰᠤᠳᠤᠯᠭᠠᠨ ᠪᠠ ᠬᠤᠰᠢᠭᠤᠷᠠᠯ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ᠎ᠠ᠃ ᠲᠤᠰ ᠲᠥᠪ ᠨᠢ ᠤᠤᠭᠠᠯ ᠡᠭᠦᠳᠦᠯᠲᠡ ᠬᠠᠶᠢᠨ ᠰᠦᠪᠡᠭᠴᠢᠯᠡᠯᠲᠡ ᠶᠢᠨ ᠴᠢᠨᠠᠷᠲᠠᠢ ᠰᠤᠳᠤᠯᠭᠠᠨ ᠵᠢᠴᠢ ᠰᠢᠨ᠎ᠡ ᠶᠢ ᠡᠭᠦᠳᠬᠦ ᠲᠠᠯ᠎ᠠ ᠪᠠᠷ ᠬᠦᠷᠦᠯᠴᠡᠬᠦ ᠦᠭᠡᠢ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠬᠦᠷᠦᠯᠴᠡᠬᠦ ᠦᠭᠡᠢ᠂ ᠭᠤᠣᠯᠳᠠᠯᠭ᠎ᠠ ᠲᠠᠢ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠳᠤᠲᠠᠮᠠᠭ ᠵᠡᠷᠭᠡ ᠠᠵᠢᠯ ᠲᠥᠷᠥᠯ ᠤᠨ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠭᠤᠣᠯᠳᠠᠯᠭ᠎ᠠ ᠲᠠᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠦᠷ᠎ᠡ ᠶᠢᠨ ᠦᠢᠯᠡᠰ ᠤᠨ ᠠᠮᠤᠷ  ᠲᠦᠪᠰᠢᠨ ᠢ  ᠦᠨᠡᠨ ᠬᠦ ᠪᠠᠲᠤᠯᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号