ᠠᠩᠬᠠᠷ︕ ᠡᠨᠡ ᠲᠠᠪᠤᠨ ᠪᠠᠶᠢᠳᠠᠯ ᠳᠤ ᠪᠡᠶ᠎ᠡ ᠤᠬᠢᠶᠠᠬᠤ ᠳᠤ ᠲᠣᠬᠢᠷᠠᠬᠤ ᠦᠭᠡᠢ
ᠨᠡᠶᠢᠲᠡᠯᠡᠭᠰᠡᠨ ᠴᠠᠭ᠄
2023/6/15
     1. ᠥᠨᠳᠥᠷ ᠬᠦᠴᠦᠯᠡᠴᠡ ᠲᠠᠢ ᠪᠡᠶ᠎ᠡ ᠶᠢᠨ ᠲᠠᠮᠢᠷ ᠪᠤᠶᠤ ᠣᠶᠣᠨ ᠤ ᠬᠥᠳᠡᠯᠭᠡᠭᠡᠨ ᠬᠢᠭᠰᠡᠨ ᠤ ᠳᠠᠷᠠᠭ᠎ᠠ᠄              ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ᠂ ᠴᠢᠰᠤᠨ ᠤ ᠡᠷᠭᠢᠯᠲᠡ ᠢᠳᠡᠪᠬᠢ ᠪᠠᠶᠢᠳᠠᠯ ᠳᠤ ᠣᠷᠣᠰᠢᠵᠤ  ᠪᠠᠶᠢᠳᠠᠭ ᠪᠤᠯᠬᠤᠷ ᠪᠠᠷᠢᠨ ᠲᠤᠤᠷ᠎ᠠ ᠪᠠᠨ ᠪᠡᠶ᠎ᠡ ᠪᠠᠨ ᠤᠬᠢᠶᠠᠪᠠᠯ ᠵᠢᠷᠦᠬᠡ ᠪᠠ  ᠴᠢᠰᠤᠨ ᠰᠤᠳᠠᠯ ᠤᠨ  ᠳᠠᠷᠤᠭᠠᠰᠤ ᠶᠢ  ᠬᠦᠨᠳᠦᠷᠡᠭᠦᠯᠳᠡᠭ᠂ ᠢᠯᠠᠩᠭᠤᠶ᠎ᠠ ᠬᠦᠢᠲᠡᠨ ᠤᠰᠤ ᠪᠠᠷ ᠪᠡᠶ᠎ᠡ ᠪᠠᠨ ᠤᠬᠢᠶᠠᠵᠤ ᠪᠣᠯᠬᠤ ᠦᠭᠡᠢ᠃              2.ᠴᠠᠳᠳᠠᠯ᠎ᠠ ᠢᠳᠡᠭᠰᠡᠨ ᠤ ᠲᠠᠷᠠᠭ᠎ᠠ ᠪᠤᠶᠤ ᠥᠯᠥᠨ ᠪᠠᠶᠢᠬᠤ ᠦᠶ᠎ᠡ ᠳᠤ᠄              ᠴᠠᠳᠲᠠᠯ᠎ᠠ ᠢᠳᠡᠭᠰᠡᠨ ᠤ ᠳᠠᠷᠠᠭ᠎ᠠ᠂ ᠪᠡᠶ᠎ᠡ ᠶᠢᠨ ᠳᠣᠲᠣᠷᠠᠬᠢ ᠴᠢᠰᠤ ᠭᠤᠣᠯᠳᠠᠭᠤ ᠰᠢᠩᠭᠡᠭᠡᠯᠲᠡ ᠶᠢᠨ ᠰᠢᠰᠲ᠋ᠧᠮ ᠳᠤ ᠲᠥᠪᠯᠡᠷᠡᠳᠡᠭ᠂ ᠡᠨᠡ ᠦᠶ᠎ᠡ ᠳᠤ ᠪᠡᠶ᠎ᠡ ᠤᠬᠢᠶᠠᠪᠠᠯ᠂ ᠡᠷᠭᠢᠨ ᠲᠣᠭᠤᠷᠢᠨ ᠤ ᠴᠢᠰᠤᠨ ᠰᠤᠳᠠᠯ ᠲᠡᠯᠡᠭᠳᠡᠨ᠂  ᠰᠢᠩᠭᠡᠭᠡᠯᠲᠡ ᠶᠢᠨ ᠰᠢᠰᠲ᠋ᠧᠮ ᠤᠨ ᠴᠢᠰᠤᠨ ᠡᠷᠭᠢᠯᠲᠡ ᠶᠢ ᠬᠠᠷᠢᠴᠠᠩᠭᠤᠶ ᠪᠠᠷ ᠪᠠᠭᠠᠰᠬᠠᠵᠤ᠂ ᠰᠢᠩᠭᠡᠭᠡᠯᠲᠡ ᠶᠢ ᠠᠮᠠᠷᠬᠠᠨ ᠮᠠᠭᠤᠳᠠᠭᠤᠯᠤᠨ᠎ᠠ᠃              ᠥᠯᠥᠨ ᠪᠠᠶᠢᠬᠤ ᠦᠶ᠎ᠡ ᠳᠤ᠂ ᠪᠡᠶ᠎ᠡ ᠶᠢᠨ ᠳᠣᠲᠣᠷᠠᠬᠢ ᠴᠢᠰᠤᠨ ᠰᠢᠬᠢᠷ ᠤᠨ ᠬᠡᠮᠵᠢᠶ᠎ᠡ ᠬᠠᠷᠢᠴᠠᠩᠭᠤᠢ ᠪᠠᠷ ᠨᠡᠯᠢᠶᠡᠳ ᠳᠣᠣᠷ᠎ᠠ ᠪᠠᠶᠢᠳᠠᠭ᠂ ᠬᠡᠷᠪᠡ ᠪᠡᠶ᠎ᠡ ᠤᠬᠢᠶᠠᠬᠤ ᠳᠤ ᠬᠦᠷᠪᠡᠯ ᠠᠷᠠᠰᠤᠨ ᠤ ᠨᠡᠬᠡᠳᠡᠰᠦ ᠤᠷᠤᠭᠤ  ᠤᠷᠤᠰᠬᠤ ᠴᠢᠰᠤ ᠨᠡᠮᠡᠭᠳᠡᠨ᠂ᠲᠠᠷᠢᠬᠢᠨ ᠤ ᠬᠡᠰᠡᠭ ᠤᠨ ᠴᠢᠰᠤᠨ ᠤ ᠬᠡᠮᠵᠢᠶ᠎ᠡ ᠪᠠᠭᠠᠰᠴᠤ᠂ ᠮᠠᠨᠠᠷᠠᠬᠤ ᠵᠡᠷᠭᠡ ᠭᠡᠨᠡᠳᠲᠡ ᠶᠢᠨ ᠠᠶᠤᠯ ᠢ ᠡᠭᠦᠰᠭᠡᠵᠦ ᠮᠡᠳᠡᠨ᠎ᠡ᠃              3.ᠠᠷᠢᠬᠢ ᠤᠤᠭᠤᠭᠰᠠᠨ ᠤ ᠳᠠᠷᠠᠭ᠎ᠠ᠄              ᠠᠷᠢᠬᠢᠨ ᠳᠤ ᠰᠣᠭᠲᠣᠪᠠᠯ ᠬᠥᠮᠦᠨ ᠤ ᠪᠡᠶ᠎ᠡ ᠶᠢᠨ ᠲᠡᠩᠴᠡᠭᠦᠷᠢ ᠶᠢ ᠠᠯᠳᠠᠭᠤᠯᠳᠠᠭ᠂ ᠡᠶᠢᠮᠦ ᠠᠴᠠ ᠭᠠᠵᠠᠷ ᠨᠢ ᠬᠦᠯᠢᠭᠡᠷ ᠮᠦᠷᠳᠡᠭᠡᠨ ᠴᠢᠬᠢᠭᠯᠢᠭ ᠤᠬᠢᠶᠠᠯᠭ᠎ᠠ ᠶᠢᠨ ᠭᠡᠷ ᠲᠤ ᠪᠡᠶ᠎ᠡ ᠤᠬᠢᠶᠠᠪᠠᠯ ᠠᠮᠠᠷᠬᠠᠨ ᠬᠠᠯᠳᠤᠷᠢᠵᠦ ᠤᠨᠠᠨ᠎ᠠ᠃      4. ᠴᠢᠰᠤᠨ ᠳᠠᠷᠤᠯᠲᠠ ᠳᠣᠣᠷ᠎ᠠ ᠪᠤᠶᠤ ᠴᠢᠰᠤᠨ ᠰᠢᠬᠢᠷ ᠳᠣᠣᠷ᠎ᠠ ᠦᠶ᠎ᠡ ᠳᠤ᠄              ᠴᠢᠰᠤᠨ ᠳᠠᠷᠤᠯᠲᠠ ᠳᠣᠣᠷ᠎ᠠ᠂ ᠴᠢᠰᠤᠨ ᠰᠢᠬᠢᠷ ᠳᠣᠣᠷ᠎ᠠ ᠦᠶ᠎ᠡ ᠳᠤ ᠪᠤᠶᠤ ᠰᠡᠬᠦᠯ᠎ᠡ ᠲᠦᠢᠯ ᠢᠶᠠᠷ ᠶᠠᠳᠠᠷᠠᠵᠦ‌ᠵᠦ᠋ᠳᠡᠷᠡᠭᠰᠡᠨ ᠦᠶ᠎ᠡ ᠳᠤ ᠪᠡᠶ᠎ᠡ ᠪᠠᠨ ᠤᠬᠢᠶᠠᠪᠠᠯ᠂ ᠬᠦᠴᠢᠯᠲᠥ᠋ᠷᠥᠭᠴᠢ ᠳᠤᠲᠠᠭᠰᠠᠨ ᠠᠴᠠ ᠪᠣᠯᠵᠤ ᠠᠮᠠᠷᠬᠠᠨ ᠲᠣᠯᠣᠭᠠᠢ ᠡᠷᠭᠢᠬᠦ‌‍ᠪᠤᠶᠤ ᠮᠠᠨᠠᠷᠠᠨ᠎ᠠ᠃ ᠵᠠᠪᠠᠯ ᠤᠬᠢᠶᠠᠬᠤ ᠴᠢᠬᠤᠯᠠᠳᠠᠢ ᠪᠤᠯᠤᠬᠰᠠᠨ ᠴᠤ᠂ ᠤᠬᠢᠶᠠᠯᠭ᠎ᠠ ᠶᠢᠨ ᠭᠡᠷ ᠲᠤ ᠬᠡᠲᠦᠷᠬᠡᠶ ᠤᠳᠠᠭᠠᠨ ᠪᠠᠶᠢᠵᠤ‌‍ᠪᠣᠯᠬᠤ ᠦᠭᠡᠢ᠂ ᠤᠬᠢᠶᠠᠯᠭ᠎ᠠ ᠶᠢᠨ ᠭᠡᠷ ᠲᠡᠭᠡᠨ ᠵᠣᠬᠢᠰᠲᠠᠶ ᠰᠠᠯᠬᠢ ᠨᠡᠪᠲᠡᠷᠡᠭᠦᠯᠵᠦ᠂ ᠬᠦᠴᠢᠯᠲᠥ᠋ᠷᠥᠭᠴᠢ ᠶᠢᠨ ᠠᠭᠤᠯᠤᠭᠳᠠᠴᠠ ᠵᠢ‌ᠨᠡᠮᠡᠭᠳᠡᠭᠦᠯᠬᠦ ᠶᠢ ᠠᠩᠬᠠᠷᠬᠤ ᠭᠡᠷᠡᠭᠳᠡᠢ᠃              5. ᠤᠨᠲᠠᠬᠤ ᠠᠴᠠ ᠪᠠᠨ ᠡᠮᠦᠨ᠎ᠡ᠄             ᠪᠡᠶ᠎ᠡ ᠪᠠᠨ ᠤᠬᠢᠶᠠᠬᠰᠠᠨ ᠤ ᠲᠠᠷᠠᠭ᠎ᠠ᠂ ᠬᠥᠮᠦᠨ ᠤ ᠪᠡᠶ᠎ᠡ ᠵᠢᠭᠠᠬᠠᠨ ᠬᠥᠭᠰᠡᠬᠦ  ᠪᠠᠶᠢᠳᠠᠯ ᠳᠤ ᠤᠷᠤᠵᠤ᠂  ᠠᠮᠠᠷᠬᠠᠨ‌ᠤᠨᠲᠠᠬᠤ  ᠦᠭᠡᠢ  ᠪᠠᠶᠢᠳᠠᠭ᠂  ᠡᠶᠢᠮᠦ ᠠᠴᠠ ᠤᠨᠲᠠᠬᠤ ᠠᠴᠠ ᠪᠠᠨ ᠡᠮᠦᠨ᠎ᠡ  ᠪᠡᠶ᠎ᠡ ᠪᠠᠨ ᠪᠢᠳᠡᠭᠡᠢ ᠤᠬᠢᠶᠠᠭᠠᠷᠠᠢ᠃︽ᠤᠨᠲᠠᠯᠭ᠎ᠠ ᠶᠢᠨ ᠠᠨᠠᠭᠠᠬᠤ ᠤᠬᠠᠭᠠᠨ ᠤ ᠰᠢᠭᠦᠮᠵᠢ︾ ᠰᠡᠳᠬᠦᠯ ᠳᠤ ᠨᠡᠶᠢᠲᠡᠯᠡᠭᠰᠡᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠤᠨᠲᠠᠬᠤ ᠠᠴᠠ ᠪᠠᠨ 1 — 2 ᠴᠠᠭ ᠤᠨ ᠡᠮᠦᠨ᠎ᠡ ᠪᠡᠶ᠎ᠡ ᠪᠠᠨ ᠤᠬᠢᠶᠠᠪᠠᠯ᠂ ᠤᠨᠲᠠᠬᠤ  ᠬᠤᠷᠳᠤᠴᠠ ᠶᠢ ᠳᠤᠮᠳᠠᠴᠢ ᠪᠠᠷ 10 ᠮᠢᠨᠦ᠋ᠲ ᠲᠦᠷᠭᠡᠳᠬᠡᠨ᠎ᠠ ᠬᠡᠰᠡᠨ ᠪᠠᠶᠢᠨ᠎ᠠ᠃              ᠪᠡᠶ᠎ᠡ ᠤᠬᠢᠶᠠᠬᠤ ︽ᠬᠠᠮᠤᠭ ᠰᠠᠶᠢᠨ ᠴᠠᠭ︾              ᠶᠡᠷᠦ ᠶᠢᠨ ᠪᠠᠶᠢᠳᠠᠯ ᠲᠤᠤᠷ᠎ᠠ᠂ ᠰᠦᠷᠴᠢᠬᠦᠷ ᠤᠬᠢᠶᠠᠯᠭ᠎ᠠ ᠪᠠᠷ ᠪᠤᠯ 10 —15  ᠮᠢᠨᠦ᠋ᠲ ᠪᠡᠶ᠎ᠡ ᠪᠠᠨ ᠤᠬᠢᠶᠠᠪᠠᠯ ᠪᠣᠯᠴᠢᠬᠠᠨ᠎ᠠ᠂ ᠪᠡᠶ᠎ᠡ ᠤᠬᠢᠶᠠᠬᠤ ᠤᠡᠭᠭᠤᠴᠠ ᠳᠤ ᠪᠡᠶ᠎ᠡ ᠪᠠᠨ ᠤᠬᠢᠶᠠᠬᠰᠠᠨ ᠴᠤ ᠬᠠᠮᠤᠭ ᠰᠠᠶᠢᠨ ᠨᠢ  20  ᠮᠢᠨᠦ᠋ᠲ ᠠᠴᠠ ᠬᠡᠲᠦᠷᠡᠵᠦ ᠪᠣᠯᠬᠤ ᠦᠭᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号