2023 ᠣᠨ ᠤ ᠦᠴᠦᠸᠠᠨ ᠰᠢᠶᠠᠨ ᠤ ᠵᠠᠯᠠᠭᠤᠴᠤᠳ ᠪᠠᠭᠠᠴᠤᠳ ᠤᠨ ︽ᠰᠢᠶᠠᠨ ᠤ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/6/16
      ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠣᠨᠴᠠ ᠴᠢᠳᠠᠪᠤᠷᠢ ᠲᠠᠢ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠢ ᠪᠦᠬᠦ ᠲᠠᠯ᠎ᠠ ᠪᠠᠷ ᠬᠥᠭᠵᠢᠭᠦᠯᠵᠦ᠂ ᠤᠯᠠᠨ ᠡᠰᠢᠴᠢᠯᠡᠭᠰᠡᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠣᠶᠣᠯ ᠢ ᠪᠦᠷᠢᠯᠳᠦᠭᠦᠯᠬᠦ ᠶᠢᠨ ᠲᠥᠯᠥᠭᠡ᠂ 6 ᠰᠠᠷ᠎ᠠ ᠶᠢᠨ 14  ᠤ ᠡᠳᠦᠷ᠂ ᠥᠪᠥᠷ ᠮᠣᠩᠭᠤᠯ ᠤᠨ ᠬᠤᠸᠠ ᠢ ᠲᠧ ᠸᠧᠢ ᠠᠮᠤᠷ ᠢ ᠬᠠᠮᠠᠭᠠᠯᠠᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠠᠴᠠ ᠳᠡᠮᠵᠢᠭᠰᠡᠨ ᠦᠴᠦᠸᠠᠨ ᠰᠢᠶᠠᠨ ᠤ ᠵᠠᠯᠠᠭᠤᠴᠤᠳ ᠪᠠᠭᠠᠴᠤᠳ ᠤᠨ︽ᠰᠢᠶᠠᠨ ᠤ ᠳᠠᠷᠤᠭ᠎ᠠ ᠬᠤᠨᠳᠠᠭᠠᠲᠤ︾ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃
     ᠡᠬᠢᠯᠡᠯᠲᠡ ᠶᠢᠨ ᠶᠣᠰᠣᠯᠠᠯ ᠨᠢ ᠲᠤᠭ ᠮᠠᠨᠳᠤᠭᠤᠯᠬᠤ ᠰᠦᠷ ᠵᠢᠪᠬᠤᠯᠠᠩᠲᠤ ᠶᠣᠰᠣᠯᠠᠯ ᠳᠤᠮᠳᠠ ᠬᠥᠰᠢᠭᠡ ᠪᠠᠨ ᠰᠡᠬᠦᠵᠦ᠂ ︽ᠲᠠᠮᠢᠷᠴᠢᠳ ᠤᠨ ᠤᠷᠤᠭᠰᠢᠯᠠᠯᠲᠠ   ᠶᠢᠨ ᠬᠥᠭᠵᠢᠮ︾ ᠤᠨ ᠳᠠᠭᠠᠤ ᠳᠤ᠂ ᠮᠠᠨ ᠤ ᠰᠢᠶᠠᠨ ᠤ ᠡᠯ᠎ᠡ ᠰᠤᠷᠭᠠᠭᠤᠯᠢ   ᠠᠴᠠ ᠪᠦᠷᠢᠯᠳᠦᠭᠰᠡᠨ ᠵᠢᠭᠰᠠᠭᠠᠯ ᠤᠨ ᠡᠩᠨᠡᠭᠡ ᠲᠡᠷᠢᠭᠦᠯᠡᠭᠴᠢ   ᠶᠢᠨ ᠲᠠᠶᠢᠰᠠ   ᠶᠢ ᠳᠠᠷᠠᠭᠠᠯᠠᠨ ᠥᠩᠭᠡᠷᠡᠵᠦ᠂ ᠬᠥᠯ ᠪᠥᠮᠪᠦᠭᠡ ᠶᠢᠨ ᠤᠷᠤᠯᠳᠤᠭᠠᠨ ᠤ ᠣᠷᠭᠢᠯᠤᠮ᠎ᠠ ᠬᠠᠯᠠᠭᠤᠨ ᠰᠡᠳᠬᠢᠯᠭᠡ ᠪᠠ ᠤᠷᠤᠯᠳᠤᠭᠠᠨ ᠤ ᠲᠡᠮᠡᠴᠡᠯ ᠤᠨ ᠵᠣᠷᠢᠭ   ᠢ ᠳᠡᠯᠭᠡᠨ ᠦᠵᠡᠭᠦᠯᠵᠦ᠂ ᠲᠠᠮᠢᠷᠴᠢᠳ ᠤᠨ ᠲᠥᠯᠥᠭᠡᠯᠡᠭᠴᠢ᠂ ᠬᠢᠨᠠᠭᠴᠢ   ᠶᠢᠨ ᠲᠥᠯᠥᠭᠡᠯᠡᠭᠴᠢ ᠤᠷᠢᠳ ᠬᠤᠵᠢᠳ ᠲᠠᠶᠢᠰᠠᠨ ᠳᠤ ᠭᠠᠷᠴᠤ ᠲᠠᠩᠭᠠᠷᠢᠭᠯᠠᠨ᠂ ᠪᠦᠯᠬᠦᠮᠳᠡᠨ ᠬᠠᠮᠵᠢᠯᠴᠠᠵᠤ᠂ ᠡᠷᠡᠯᠬᠡᠭᠯᠡᠨ ᠲᠡᠮᠡᠴᠡᠬᠦ ᠢᠲᠡᠭᠡᠯ ᠵᠣᠷᠢᠭ ᠪᠠ ᠰᠠᠬᠢᠯᠭ᠎ᠠ ᠪᠠᠲᠤ   ᠶᠢ ᠴᠢᠩᠭ᠎ᠠ ᠰᠠᠬᠢᠵᠤ᠂ ᠲᠥᠪ ᠭᠤᠣᠯᠴᠢ ᠪᠠᠷ ᠲᠠᠰᠤᠯᠤᠨ ᠲᠣᠭᠲᠠᠭᠠᠬᠤ ᠵᠣᠷᠢᠭ   ᠢᠶᠠᠨ ᠢᠯᠡᠳᠬᠡᠵᠡᠢ᠃ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠪᠣᠯᠣᠨ ᠳᠥᠷᠪᠡᠳᠦᠭᠡᠷ ᠪᠠᠭ᠎ᠠ ᠰᠤᠷᠭᠠᠭᠤᠯᠢ ᠠᠴᠠ ᠢᠷᠡᠭᠰᠡᠨ ᠰᠠᠭᠰᠤᠨ ᠪᠥᠮᠪᠦᠭᠡ ᠶᠢᠨ ᠲᠠᠮᠢᠷ ᠪᠣᠯᠣᠨ ᠲᠤᠭ ᠤᠨ ᠪᠥᠵᠢᠭ ᠤᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠭᠤᠸ᠎ᠠ ᠰᠠᠶᠢᠬᠠᠨ ᠤ ᠬᠦᠷᠲᠡᠭᠡᠯ ᠢ ᠠᠪᠴᠢᠷᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠡ ᠦᠭᠡᠢ ᠳᠠᠭᠤᠷᠢᠰᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ︽ᠰᠢᠶᠠᠨ ᠤ ᠳᠠᠷᠤᠭ᠎ᠠ ᠬᠤᠨᠳᠠᠭᠠᠲᠤ︾ ᠬᠥᠯ ᠪᠥᠮᠪᠥᠭᠡᠨ ᠤ ᠤᠷᠤᠯᠳᠤᠭᠠᠨ ᠳᠤ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠭᠤᠷᠪᠠᠨ ᠳᠤᠭᠤᠶᠢᠯᠠᠩ ᠬᠤᠪᠢᠶᠠᠵᠤ᠂ ᠪᠦᠬᠦ ᠰᠢᠶᠠᠨ ᠤ 8 ᠲᠥᠯᠥᠭᠡᠯᠡᠭᠴᠢᠳ ᠤᠨ ᠠᠩᠭᠢ ᠶᠢᠨ 100 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠤ᠂ ᠦᠳᠡ ᠶᠢᠨ ᠡᠮᠦᠨ᠎ᠡ ᠶᠠᠪᠤᠭᠳᠠᠭᠰᠠᠨ ᠬᠥᠰᠢᠭᠡ ᠰᠡᠬᠦᠬᠦ ᠳᠠᠶᠢᠯᠠᠯᠳᠤᠭᠠᠨ ᠳᠤ᠂ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠪᠣᠯᠣᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠠᠩᠭᠢ ᠶᠢᠨ ᠬᠢᠨ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠭᠤᠶᠢᠳᠠ ᠰᠠᠶᠢᠬᠠᠨ ᠥᠷᠢᠰᠦᠯᠳᠦᠭᠡᠨ ᠶᠠᠪᠤᠭᠤᠯᠪᠠ᠂ ᠤᠷᠤᠯᠳᠤᠭᠠᠨ ᠤ ᠲᠠᠯᠠᠪᠤᠷ ᠲᠤ ᠬᠤᠶᠠᠷ ᠲᠠᠯ᠎ᠠ ᠪᠠᠷ ᠢᠶᠠᠨ ᠰᠢᠷᠦᠭᠦᠨ ᠲᠡᠮᠡᠴᠡᠵᠦ᠂ ᠲᠠᠮᠢᠷᠴᠢᠳ ᠤᠨ ᠢᠯᠡᠷᠡᠯ ᠭᠠᠷᠮᠠᠭᠠᠢ ᠪᠠᠶᠢᠵᠤ᠂ ᠡᠷᠡᠯᠬᠡᠭᠯᠡᠨ ᠲᠡᠮᠡᠴᠡᠵᠦ᠂ ᠨᠥᠬᠦᠷᠯᠡᠯ ᠨᠢᠭᠡᠳᠦᠭᠡᠷ ᠤᠷᠤᠯᠳᠤᠭᠠᠨ ᠬᠤᠶᠠᠳᠤᠭᠠᠷ ᠬᠡᠮᠡᠬᠦ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠯᠠᠬᠤ ᠳᠤ ᠪᠠᠷᠳᠠᠮᠨᠠᠬᠤ ᠦᠭᠡᠢ ᠢᠯᠠᠭᠳᠠᠬᠤ ᠳᠤ ᠵᠣᠷᠢᠭ ᠮᠣᠬᠤᠬᠤ ᠦᠭᠡᠢ ᠪᠠᠶᠢᠯ᠎ᠠ᠃ ᠪᠥᠮᠪᠦᠭᠡ ᠵᠣᠭᠰᠤᠭᠠᠬᠤ᠂ ᠪᠥᠮᠪᠦᠭᠡ ᠲᠠᠲᠠᠬᠤ᠂ ᠬᠥᠮᠥᠨ ᠢ ᠳᠠᠭᠠᠭᠤᠯᠤᠨ ᠥᠩᠭᠡᠷᠡᠬᠦ ᠠᠴᠠ ᠠᠪᠤᠭᠠᠳ ᠵᠣᠬᠢᠶᠠᠨ ᠪᠠᠶᠢᠭᠤᠯᠵᠤ ᠬᠠᠮᠵᠢᠯᠴᠠᠬᠤ᠂ ᠡᠭᠦᠳᠡ ᠰᠤᠮᠤᠳᠠᠬᠤ ᠬᠦᠷᠲᠡᠯ᠎ᠡ ᠴᠥᠮ ᠰᠤᠷᠤᠭᠴᠢᠳ ᠤᠨ ᠯᠠᠪᠳᠠᠭᠤᠨ ᠪᠠᠲᠤᠲᠠᠢ ᠮᠡᠷᠭᠡᠵᠢᠯ ᠪᠠ ᠪᠠᠶᠢᠯᠳᠤᠬᠤ ᠠᠷᠭ᠎ᠠ ᠶᠢᠨ ᠬᠢᠷᠢ ᠲᠦᠪᠰᠢᠨ ᠪᠠ ᠣᠨᠣᠯ ᠤᠨ ᠰᠠᠭᠤᠷᠢ ᠶᠢ ᠢᠯᠡᠷᠡᠭᠦᠯᠦᠭᠰᠡᠨ ᠪᠠᠶᠢᠨ᠎ᠠ  ᠃
     ᠲᠣᠰ ᠤᠳᠠᠭᠠᠨ ᠤ ᠵᠠᠯᠠᠭᠤᠴᠤᠳ ᠪᠠᠭᠠᠴᠤᠳ ᠤᠨ ︽ᠰᠢᠶᠠᠨ ᠤ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠥᠷᠨᠢᠭᠦᠯᠦᠭᠰᠡᠨ ᠨᠢ ᠮᠠᠨ ᠤ ᠰᠢᠶᠠᠨ ᠤ ᠪᠡᠶ᠎ᠡ ᠶᠢᠨ ᠲᠠᠮᠢᠷ ᠤᠨ ᠰᠢᠯᠢᠳᠡᠭ ᠰᠠᠶᠢᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠥᠭᠡᠳ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠢᠵᠠᠭᠠᠯᠠᠰᠢ ᠦᠭᠡᠢ ᠲᠠᠲᠠᠬᠤ ᠬᠦᠴᠦᠨ ᠢ ᠴᠦ ᠢᠯᠡᠷᠡᠭᠦᠯᠦᠭᠰᠡᠨ ᠪᠠᠶᠢᠨ᠎ᠠ᠃ ᠬᠤᠶᠢᠰᠢᠳᠠ ᠰᠢᠶᠠᠨ ᠤ ᠡᠯ᠎ᠡ ᠰᠤᠷᠭᠠᠭᠤᠯᠢ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠡᠶ᠎ᠡ ᠲᠠᠮᠢᠷ ᠤᠷᠠᠯᠢᠭ ᠤᠨ ᠬᠥᠮᠦᠵᠢᠯ   ᠢ ᠭᠦᠨᠵᠡᠭᠡᠢ ᠥᠷᠨᠢᠭᠦᠯᠵᠦ᠂ ᠲᠠᠪᠤᠨ ᠬᠥᠮᠦᠵᠢᠯ   ᠢ ᠵᠡᠷᠭᠡ ᠪᠠᠷ ᠠᠳᠬᠤᠬᠤ   ᠶᠢ ᠨᠠᠶᠢᠳᠠᠪᠤᠷᠢᠵᠢᠭᠤᠯᠤᠨ᠂ ᠨᠡᠷᠡᠨ ᠬᠡᠷᠡᠯᠳᠦ ᠪᠡᠶ᠎ᠡ   ᠶᠢᠨ ᠲᠠᠮᠢᠷ ᠤᠨ ᠬᠥᠳᠡᠯᠭᠡᠭᠡᠨ   ᠢ ᠭᠦᠨᠵᠡᠭᠡᠢ ᠲᠦᠯᠬᠢᠨ ᠠᠬᠢᠭᠤᠯᠵᠤ ᠂ ᠪᠠᠭᠠᠴᠤᠳ ᠬᠡᠦᠬᠡᠳ ᠨᠢᠭᠡᠪᠦᠷᠢ ᠶᠢᠨ ᠦᠰᠦᠨ ᠪᠣᠶᠢᠵᠢᠬᠤ ᠶᠢ ᠪᠥᠬᠦ ᠲᠠᠯ᠎ᠠ ᠪᠠᠷ ᠬᠥᠭᠵᠢᠭᠦᠯᠬᠦ  ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号