ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠬᠡᠷᠬᠢᠨ ᠠᠬᠢᠭᠤᠯᠬᠤ ᠪᠤᠢ︖ ᠪᠦᠭᠦ ᠤᠯᠤᠰ ᠤᠨ ᠲᠤᠷᠰᠢᠯᠲᠠ ᠶᠢᠨ ᠴᠡᠭ ᠤᠨ ᠭᠤᠷᠪᠠᠨ ᠬᠤᠰᠢᠭᠤ ᠪᠦᠳᠦᠮᠵᠢᠳᠠᠢ ᠵᠠᠮ ᠢ ᠬᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2023/6/16
     ᠵᠠᠯᠠᠶᠢᠳ ᠬᠤᠰᠢᠭᠤᠨ ᠤ ᠦᠷ᠎ᠡ ᠶᠢᠨ ᠮᠠᠯ ᠢ ᠦᠷᠡᠵᠢᠭᠦᠯᠦᠨ ᠪᠣᠶᠢᠵᠢᠭᠤᠯᠬᠤ ᠲᠥᠪ ᠤᠨ ᠰᠢᠬᠦᠷᠲᠡᠢ ᠭᠠᠴᠠᠭᠠᠨ ᠤ ᠪᠧᠨ ᠪᠧᠨ ᠦᠬᠡᠷ ᠲᠡᠵᠢᠭᠡᠬᠦ ᠲᠠᠯᠠᠪᠠᠢ ᠶᠢᠨ ᠬᠠᠷᠢᠭᠤᠴᠠᠯᠭᠠᠲᠠᠨ ᠵᠠᠩ ᠴᠦᠨ ᠯᠢᠨ ᠲᠡᠵᠢᠭᠡᠯ ᠤᠨ ᠣᠩᠭᠤᠴᠠ ᠳᠤ ᠬᠥᠬᠡ ᠳᠠᠷᠤᠰᠢ ᠨᠡᠮᠡᠬᠦ ᠳᠤ ᠲᠠᠷᠭᠤ ᠰᠠᠶᠢᠲᠠᠢ ᠰᠢᠮᠧᠨ᠋ᠳᠡᠷ ᠡᠭᠦᠯᠳᠡᠷ ᠤᠨ ᠮᠢᠬᠠᠨ ᠤ ᠦᠬᠡᠷ ᠤᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠯᠳᠤᠨ ᠢᠷᠡᠵᠤ ᠲᠠᠪᠠᠲᠠᠶᠢᠬᠠᠨ ᠵᠣᠭᠤᠭᠯᠠᠨ᠎ᠠ᠃ ︽ᠣᠶᠢᠷ᠎ᠠ ᠶᠢᠨ ᠵᠢᠯ ᠳᠤ ᠮᠠᠨ ᠤ ᠦᠬᠡᠷ ᠲᠡᠵᠢᠭᠡᠬᠦ ᠲᠠᠯᠠᠪᠠᠶ ᠪᠡᠯᠴᠢᠭᠡᠷᠯᠡᠭᠦᠯᠦᠨ ᠮᠠᠯᠵᠢᠬᠤ ᠤᠯᠠᠮᠵᠢᠯᠠᠯᠲᠤ ᠠᠷᠭ᠎ᠠ ᠭᠡᠯᠪᠡᠷᠢ ᠶᠢ ᠬᠤᠪᠢᠷᠠᠭᠤᠯᠤᠨ ᠡᠭᠦᠯᠳᠡᠷ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠴᠢᠯᠠᠵᠤ ᠲᠡᠵᠢᠭᠡᠬᠦ ᠶᠢ ᠵᠢᠷᠤᠮᠵᠢᠭᠤᠯᠬᠤ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠠᠢ᠃ ᠤᠳᠤ 80 ᠭᠠᠷᠤᠢ ᠦᠬᠡᠷ ᠲᠡᠵᠢᠭᠡᠵᠦ᠂ ᠵᠢᠯ  ᠤᠨ ᠣᠷᠣᠯᠭ᠎ᠠ 30 ᠲᠦᠮᠡᠨ ᠲᠥᠭᠦᠷᠢᠭ ᠢ ᠳᠠᠪᠠᠵᠤ ᠪᠠᠶᠢᠨ᠎ᠠ︾ ᠭᠡᠵᠦ ᠵᠠᠩ ᠴᠦᠨ ᠯᠢᠨ ᠲᠠᠨᠢᠯᠴᠠᠭᠤᠯᠤᠨ᠎ᠠ᠃      ᠣᠶᠢᠷ᠎ᠠ ᠶᠢᠨ ᠵᠢᠯ ᠳᠤ ᠵᠠᠯᠠᠶᠢᠳ ᠬᠤᠰᠢᠭᠤ ᠰᠠᠶᠢᠨ ᠡᠭᠦᠯᠳᠡᠷ ᠤᠨ ᠦᠬᠡᠷ ᠪᠣᠶᠢᠵᠢᠭᠤᠯᠬᠤ ᠰᠢᠰᠲ᠋ᠧᠮ ᠢ ᠪᠦᠷᠢᠨᠰᠢᠭᠦᠯᠦᠨ᠂ ᠣᠷᠣᠭᠤᠯᠵᠤ ᠠᠪᠴᠢᠷᠠᠭᠰᠠᠨ ᠰᠠᠶᠢᠨ ᠡᠭᠦᠯᠳᠡᠷ ᠤᠨ ᠦᠬᠡᠷ ᠢ ᠣᠷᠣᠨ ᠨᠤᠲᠤᠭᠴᠢᠯᠠᠬᠤ ᠶᠢ ᠦᠷᠭᠦᠯᠵᠢᠯᠡᠨ ᠠᠬᠢᠭᠤᠯᠵᠤ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠡᠭᠦᠯᠳᠡᠷ ᠰᠠᠶᠢᠵᠢᠷᠠᠭᠤᠯᠬᠤ ᠮᠡᠷᠭᠡᠵᠢᠯ ᠤᠨ ᠠᠵᠢᠯᠲᠠᠨ ᠢ ᠪᠤᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠪᠠ᠃ ᠡᠭᠦᠨ ᠤ ᠬᠠᠮᠲᠤ ᠦᠬᠡᠷ ᠬᠤᠨᠢᠨ ᠤ ᠠᠵᠤ ᠦᠢᠯᠡᠰ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠠᠴᠠ ᠮᠠᠯᠴᠢᠨ ᠲᠠᠷᠢᠶᠠᠴᠢᠳ ᠲᠤ ᠪᠣᠯᠪᠠᠰᠤᠷᠠᠭᠤᠯᠤᠯ ᠬᠦᠷᠲᠡᠭᠡᠨ᠂ ᠡᠭᠦᠯᠳᠡᠷ ᠰᠠᠶᠢᠵᠢᠷᠠᠭᠤᠯᠬᠤ ᠲᠦᠪᠰᠢᠨ ᠢ ᠳᠡᠭᠡᠭᠰᠢᠯᠡᠭᠦᠯᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠨᠡᠮᠡᠭᠳᠡᠭᠦᠯᠦᠨ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠵᠤ ᠪᠠᠶᠢᠨ᠎ᠠ᠃      ᠪᠦᠭᠦ ᠤᠯᠤᠰ ᠤᠨ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ 15 ᠲᠤᠷᠰᠢᠯᠲᠠ ᠶᠢᠨ ᠴᠡᠭ ᠤᠨ ᠨᠢᠭᠡ ᠪᠣᠯᠤᠭᠰᠠᠨ ᠤ ᠬᠤᠪᠢ ᠳᠤ᠂ ᠵᠠᠯᠠᠶᠢᠳ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠲᠥᠷᠥ ᠶᠢᠨ ᠪᠣᠳᠣᠯᠭ᠎ᠠ ᠪᠠᠷ ᠬᠥᠳᠡᠯᠭᠡᠭᠦᠷ ᠪᠤᠯᠭᠠᠬᠤ᠂ ᠤᠬᠠᠭᠤᠯᠤᠨ ᠳᠠᠶᠢᠴᠢᠯᠠᠬᠤ᠂ ᠲᠥᠷᠥᠯ ᠵᠦᠢᠯ ᠢᠶᠠᠷ ᠠᠬᠢᠭᠤᠯᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ ᠪᠠᠷ ᠳᠠᠮᠵᠢᠨ ᠮᠢᠬᠠᠨ ᠤ ᠦᠬᠡᠷ ᠤᠨ ᠪᠦᠭᠦ ᠠᠵᠤ ᠦᠢᠯᠡᠰ  ᠤᠨ ᠬᠡᠯᠬᠢᠶ᠎ᠡ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠵᠠᠢ᠃ ᠤᠳᠤ ᠪᠦᠭᠦ ᠬᠤᠰᠢᠭᠤᠨ ᠤ ᠮᠢᠬᠠᠨ ᠤ ᠦᠬᠡᠷ  ᠤᠨ ᠲᠤᠭ᠎ᠠ 38 ᠲᠦᠮᠡ ᠶᠢ ᠳᠠᠪᠠᠵᠤ᠂ ᠰᠠᠭᠤᠷᠢ ᠡᠬᠡ ᠮᠠᠯ ᠤᠨ ᠬᠠᠷᠢᠴᠠᠯ 65% ᠶᠢ ᠳᠠᠪᠠᠨ᠂ ᠵᠢᠯ ᠤᠨ ᠪᠣᠷᠳᠣᠨ ᠲᠠᠷᠭᠤᠯᠠᠭᠤᠯᠵᠤ ᠪᠣᠷᠣᠯᠠᠭᠤᠯᠬᠤ ᠦᠬᠡᠷ 2 ᠲᠦᠮᠡ ᠶᠢ ᠳᠠᠪᠠᠵᠤ᠂ ᠰᠠᠶᠢᠨ ᠡᠭᠦᠯᠳᠡᠷ ᠤᠨ ᠬᠠᠷᠢᠴᠠᠯ 60% ᠶᠢ ᠳᠠᠪᠠᠪᠠ᠃     ᠪᠡᠯᠴᠢᠭᠡᠷ ᠤᠨ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ 2021 ᠣᠨ ᠳᠤ ᠤᠯᠤᠰ ᠠᠴᠠ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠠᠵᠢᠯ ᠢ ᠡᠬᠢᠯᠡᠭᠦᠯᠵᠦ᠂ ᠨᠥᠬᠦᠴᠡᠯ ᠲᠠᠢ ᠰᠢᠶᠠᠨ ᠤ ᠥᠨᠳᠥᠷ ᠤᠨᠠᠯᠳᠠ ᠲᠠᠢ ᠲᠣᠭᠲᠠᠭᠤᠨ ᠤᠨᠠᠯᠳᠠ ᠲᠠᠢ ᠲᠠᠷᠢᠮᠠᠯ ᠡᠪᠡᠰᠦ ᠪᠣᠷᠳᠣᠭᠠᠨ ᠤ ᠵᠢᠱᠢᠶ᠎ᠡ ᠦᠵᠡᠭᠦᠯᠭᠦ ᠰᠠᠭᠤᠷᠢᠨ ᠢ ᠪᠦᠲᠦᠭᠡᠨ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠲᠡᠵᠢᠭᠡᠯ ᠡᠪᠡᠰᠦ ᠪᠣᠷᠳᠣᠭᠠᠨ  ᠤ ᠤᠨᠠᠯᠳᠠ ᠪᠠ ᠮᠠᠯ ᠤᠨ ᠰᠠᠶᠢᠨ ᠡᠭᠦᠯᠳᠡᠷ ᠤᠨ ᠨᠣᠷᠮ᠎ᠠ ᠶᠢ ᠳᠡᠭᠡᠭᠰᠢᠯᠡᠭᠦᠯᠭᠦ ᠪᠠᠷ ᠭᠤᠣᠯ ᠪᠤᠯᠭᠠᠬᠰᠠᠨ ᠰᠠᠶᠢᠨ ᠡᠭᠦᠯᠳᠡᠷ ᠤᠨ ᠦᠬᠡᠷ ᠲᠡᠵᠢᠭᠡᠵᠦ ᠪᠣᠶᠢᠵᠢᠭᠤᠯᠬᠤ ᠰᠢᠰᠲ᠋ᠧᠮ ᠢ ᠪᠠᠶᠢᠭᠤᠯᠤᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠨ ᠲᠡᠭᠡᠭᠡᠪᠦᠷᠢᠯᠡᠬᠦ ᠰᠢᠰᠲ᠋ᠧᠮ ᠢ ᠪᠠᠶᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠᠷ ᠤᠷᠢᠲᠠᠯ ᠪᠤᠯᠭᠠᠬᠰᠠᠨ ᠣᠲᠣ ᠦᠶ᠎ᠡ ᠶᠢᠨ ᠪᠡᠯᠴᠢᠭᠡᠷ ᠤᠨ ᠠᠮᠢ ᠠᠬᠤᠢ ᠶᠢᠨ ᠮᠠᠯᠵᠢᠯ ᠤᠨ ᠲᠠᠯᠠᠪᠠᠶ ᠪᠠᠶᠢᠭᠤᠯᠬᠤ ᠶᠢ ᠬᠥᠲᠥᠯᠥᠨ ᠵᠢᠯᠤᠭᠤᠳᠴᠤ᠂ ᠮᠠᠯᠵᠢᠬᠤ ᠣᠷᠣᠨ ᠪᠠ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠳᠤ ᠨᠢᠭᠡ ᠪᠦᠯᠦᠭ ᠵᠣᠬᠢᠬᠤ ᠬᠡᠪᠴᠢᠶᠡᠲᠦ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠪᠠᠶᠢᠭᠤᠯᠬᠤ ᠶᠢ ᠵᠣᠷᠢᠭᠵᠢᠭᠤᠯᠪᠠ᠃ ᠪᠦᠭᠦ ᠤᠯᠤᠰ ᠲᠤ ᠨᠡᠶᠢᠲᠡ 15 ᠬᠤᠰᠢᠭᠤ ᠰᠢᠶᠠᠨ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠬᠡᠷᠡᠭᠵᠢᠭᠦᠯᠵᠦ᠂ 2022 ᠣᠨ ᠳᠤ ᠮᠠᠨ ᠤ ᠣᠷᠣᠨ ᠤ ᠵᠠᠷᠤᠳ ᠬᠤᠰᠢᠭᠤ᠂ ᠵᠠᠯᠠᠶᠢᠳ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠲᠤᠰ ᠲᠦᠷᠦᠯ ᠵᠦᠢᠯ ᠢ ᠬᠡᠷᠡᠭᠵᠢᠭᠦᠯᠬᠦ ᠵᠥᠪᠰᠢᠶᠡᠷᠡᠯ ᠢ ᠣᠯᠣᠭᠰᠠᠨ ᠪᠠᠶᠢᠨ᠎ᠠ᠃      ᠡᠨᠡ ᠵᠢᠯ ᠤᠨ 4 ᠰᠠᠷ᠎ᠠ ᠶᠢᠨ 5 ᠠᠴᠠ 5 ᠰᠠᠷ᠎ᠠ ᠶᠢᠨ 19 ᠤ ᠡᠳᠦᠷ ᠪᠤᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ 7 ᠰᠤᠮᠤ ᠪᠠᠯᠭᠠᠰᠤ ᠶᠢᠨ 93 ᠭᠠᠴᠠᠭ᠎ᠠ ᠶᠢᠨ ᠬᠢᠨ ᠨᠡᠶᠢᠳᠡ 2637 ᠭᠠᠷᠤᠢ ᠲᠦᠮᠡᠨ ᠮᠦ ᠪᠡᠯᠴᠢᠭᠡᠷ ᠲᠡᠭᠡᠨ 45 ᠡᠳᠦᠷ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠤᠭᠰᠠᠨ ᠠᠵᠢ᠃ ︽ᠵᠠᠰᠠᠭ  ᠤᠨ ᠣᠷᠳᠣᠨ ᠤ ᠠᠵᠢᠯᠲᠠᠳ ᠤᠨ ᠤᠬᠠᠭᠤᠯᠭ᠎ᠠ ᠠᠴᠠ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠪᠣᠯ ᠨᠤᠲᠤᠭ ᠪᠡᠯᠴᠢᠭᠡᠷ ᠤᠨ ᠠᠮᠢ ᠠᠬᠤᠢ ᠪᠠ ᠦᠢᠯᠡᠳᠪᠦᠷᠢᠯᠡᠯ ᠤᠨ ᠬᠦᠴᠦᠨ ᠢ ᠪᠠᠲᠤᠯᠠᠬᠤ ᠪᠦᠳᠦᠮᠵᠢᠳᠠᠢ ᠠᠷᠭ᠎ᠠ ᠪᠤᠯᠬᠤ ᠶᠢ ᠮᠠᠲᠠᠵᠠᠢ᠃ ᠮᠠᠨ ᠤ  ᠬᠢᠨ ᠡᠨᠡ ᠵᠢᠯ 400 ᠭᠠᠷᠤᠢ ᠬᠤᠨᠢ ᠲᠡᠵᠢᠭᠡᠵᠦ᠂ ᠠᠯᠢ ᠡᠷᠲᠡ ᠠᠴᠠ ᠡᠪᠡᠰᠦ ᠪᠣᠷᠳᠤᠭ᠎ᠠ ᠪᠠᠨ ᠭᠦᠢᠴᠡᠳ ᠪᠡᠯᠡᠳᠬᠡᠭᠰᠡᠨ ᠠᠴᠠ 45 ᠡᠳᠦᠷ ᠤᠨ ᠬᠠᠰᠢᠶᠠᠯᠠᠨ ᠲᠡᠵᠢᠭᠡᠬᠦ ᠬᠤᠭᠤᠴᠠᠭ᠎ᠠ ᠶᠢ ᠰᠠᠨᠠᠭ᠎ᠠ ᠠᠮᠤᠷ ᠥᠩᠭᠡᠷᠡᠭᠦᠯᠦᠭᠰᠡᠨ ᠶᠤᠮ︾ ᠭᠡᠵᠦ ᠲᠤᠰ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤ ᠶᠢᠨ ᠪᠠᠶᠠᠨ ᠤᠨᠳᠤᠷᠬᠤ ᠭᠠᠴᠠᠭᠠᠨ ᠤ ᠮᠠᠯᠴᠢᠨ ᠪᠤᠶᠠᠨ᠋ᠥ᠌ᠯᠵᠡᠢ ᠬᠡᠯᠡᠨ᠎ᠡ᠃      ︽ᠲᠡᠭᠷᠢ ᠶᠢᠨ ᠴᠢᠷᠠᠢ ᠬᠠᠷᠠᠭᠰᠠᠨ ᠮᠠᠯᠵᠢᠯ ᠤᠨ ᠭᠡᠯᠪᠡᠷᠢ︾ ᠠᠴᠠ ︽ᠠᠮᠢ ᠠᠬᠤᠢ ᠶᠢᠨ ᠲᠡᠵᠢᠭᠡᠪᠦᠷᠢ ᠶᠢᠨ ᠭᠡᠯᠪᠡᠷᠢ︾ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠨᠢ ᠵᠦᠪᠭᠡᠨ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠯᠢ ᠣᠯᠠᠨ ᠪᠦᠳᠦᠮᠵᠢᠳᠠᠢ ᠠᠷᠭ᠎ᠠ ᠬᠡᠮᠵᠢᠶ᠎ᠡ ᠶᠢᠨ ᠳᠣᠲᠣᠷᠠᠬᠢ ᠨᠢᠭᠡ ᠨᠢ ᠶᠤᠮᠰᠠᠨ᠃ ᠣᠶᠢᠷ᠎ᠠ ᠶᠢᠨ ᠵᠢᠯ ᠠᠴᠠ ᠨᠠᠭᠠᠰᠢ᠂ ᠪᠠᠷᠠᠭᠤᠨ ᠦᠵᠦᠮᠦᠴᠢᠨ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ︽ᠡᠪᠡᠰᠦ ᠪᠡᠯᠴᠢᠭᠡᠷ ᠤᠨ ᠬᠡᠮᠵᠢᠶ᠎ᠡ ᠪᠠᠷ ᠮᠠᠯ ᠰᠦᠷᠦᠭ ᠤᠨ ᠲᠤᠭ᠎ᠠ ᠶᠢ ᠲᠣᠭᠲᠠᠭᠠᠬᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠪᠦᠲᠦᠴᠡ ᠶᠢ ᠲᠣᠬᠢᠷᠠᠭᠤᠯᠬᠤ᠂ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ᠂ ᠠᠵᠤ ᠦᠢᠯᠡᠰ ᠢ ᠠᠭᠤᠰᠤᠯᠴᠠᠭᠤᠯᠬᠤ︾ ᠬᠥᠭᠵᠢᠯᠲᠡ ᠶᠢᠨ ᠰᠡᠳᠬᠢᠴᠡ ᠪᠠᠷ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠶᠡᠭᠡ ᠪᠠᠷ ᠳᠡᠭᠡᠭᠰᠢᠯᠡᠭᠦᠯᠪᠡ᠃ 2022 ᠣᠨ ᠳᠤ ᠲᠤᠰ ᠬᠤᠰᠢᠭᠤᠨ ᠤ ᠪᠠᠶᠢᠭᠠᠯᠢ ᠶᠢᠨ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠳᠤᠮᠳᠠᠴᠢ ᠪᠠᠷ 60.4% ᠳᠤ ᠬᠦᠷᠴᠦ᠂ ᠡᠪᠡᠰᠦᠨ ᠤ ᠥᠨᠳᠥᠷ ᠤᠨ ᠬᠡᠮᠵᠢᠶ᠎ᠡ ᠳᠤᠮᠳᠠᠴᠢ ᠪᠠᠷ 23.6 ᠰᠠᠨᠲ᠋ᠢᠮᠧᠲᠷ ᠲᠤ ᠬᠦᠷᠴᠡᠢ᠃ ᠨᠢᠳᠤᠨᠤᠨ ᠪᠠᠰᠠ ᠰᠥᠯ ᠰᠠᠶᠢᠲᠠᠢ ᠲᠡᠵᠢᠭᠡᠯ ᠡᠪᠡᠰᠦ ᠳᠠᠷᠢᠬᠤ ᠵᠢᠱᠢᠶ᠎ᠡ ᠦᠵᠡᠭᠦᠯᠭᠦ ᠰᠠᠭᠤᠷᠢᠨ ᠢ 5850 ᠮᠦ ᠪᠠᠶᠢᠭᠤᠯᠤᠨ ᠨᠢᠭᠡᠳᠦᠯᠲᠡᠢ ᠪᠠᠷ ᠬᠥᠬᠡ ᠳᠠᠷᠤᠰᠢ ᠶᠢᠨ ᠡᠷᠳᠡᠨᠢ ᠰᠢᠰᠢ ᠳᠠᠷᠢᠵᠤ᠂ ᠮᠦ ᠳᠤᠮᠳᠠᠴᠢ ᠶᠢᠨ ᠤᠨᠠᠯᠲᠠ ᠨᠢ 6000 ᠵᠢᠩ ᠳᠤ ᠬᠦᠷᠴᠦ᠂ ᠰᠥᠯ ᠰᠠᠶᠢᠲᠠᠢ ᠬᠥᠬᠡ ᠳᠠᠷᠤᠰᠢ ᠶᠢᠨ ᠨᠥᠭᠡᠴᠡ ᠶᠢ ᠪᠠᠷᠤᠭ 1.7 ᠲᠦᠮᠡᠨ ᠲᠣᠨ ᠨᠡᠮᠡᠭᠳᠡᠭᠦᠯᠪᠡ᠃      ᠵᠤᠨ ᠤ ᠡᠬᠢᠨ ᠤ ᠪᠠᠭ᠎ᠠ ᠪᠣᠷᠣᠭᠠᠨ ᠥᠩᠭᠡᠷᠡᠭᠰᠡᠨ ᠤ ᠳᠠᠷᠠᠭ᠎ᠠ᠂ ᠵᠠᠷᠤᠳ ᠬᠤᠰᠢᠭᠤᠨ ᠤ ᠭᠠᠭ᠋ᠠᠶᠢᠲᠤ ᠪᠠᠯᠭᠠᠰᠤ ᠶᠢᠨ ᠨᠠᠢᠮᠠᠯᠵᠢ ᠭᠠᠴᠠᠭᠠᠨ ᠤ ᠮᠠᠯᠴᠢᠨ ᠦ᠋ ᠬᠠᠢ ᠯᠢᠨ ᠤ ᠮᠠᠯ ᠤᠨ ᠬᠠᠰᠢᠶ᠎ᠠ ᠠᠮᠢ ᠠᠮᠢᠵᠢᠷᠠᠯ ᠢᠶᠠᠷ ᠪᠢᠯᠬᠠᠨ᠂ ᠬᠥᠭᠡᠷᠦᠬᠦᠨ ᠲᠤᠭᠤᠯ ᠤᠳ ᠤᠨ ᠵᠠᠷᠢᠮ ᠨᠢ ᠬᠥᠭᠡᠭᠡᠴᠡᠯᠳᠦᠨ ᠲᠣᠭᠯᠠᠵᠤ᠂ ᠵᠠᠷᠢᠮ ᠨᠢ ᠡᠪᠡᠰᠦ ᠪᠣᠷᠳᠤᠭ᠎ᠠ ᠠᠮᠲᠠᠯᠠᠵᠤ ᠢᠳᠡᠭᠡᠳ ᠤᠷᠤᠭᠤᠯ ᠠᠮᠠ ᠪᠠᠨ ᠳᠣᠯᠢᠶᠠᠨ᠎ᠠ᠃ ︽ᠮᠠᠨ ᠤ ᠬᠢᠨ ᠲᠦᠷᠦᠭᠦᠦ ᠬᠡᠳᠦᠨ ᠵᠢᠯ ᠳᠤ ᠪᠠᠷᠢᠮᠵᠢᠶᠠᠵᠢᠭᠤᠯᠤᠭᠰᠠᠨ ᠬᠠᠰᠢᠶ᠎ᠠ ᠰᠠᠷᠠᠪᠴᠢ ᠪᠠᠷᠢᠵᠤ᠂ ᠡᠪᠦᠯ ᠤᠨ ᠬᠦᠢᠲᠡᠨ ᠬᠠᠪᠤᠷ ᠤᠨ ᠰᠢᠭᠤᠷᠭ᠎ᠠ ᠵᠡᠷᠭᠡ ᠪᠠᠶᠢᠭᠠᠯᠢ ᠶᠢᠨ ᠬᠦᠴᠦᠨ ᠵᠦᠢᠯ ᠤᠨ ᠮᠠᠯ ᠤᠨᠤᠭ᠎ᠠ ᠳᠤ ᠦᠵᠡᠭᠦᠯᠭᠦ ᠨᠥᠯᠥᠭᠡ ᠶᠢ ᠮᠠᠰᠢ ᠶᠡᠭᠡ ᠬᠡᠮᠵᠢᠶ᠎ᠡ ᠪᠠᠷ ᠪᠠᠭᠤᠷᠠᠭᠤᠯᠪᠠ᠃ ᠤᠳᠤ ᠲᠤᠭᠤᠯ ᠤᠨ ᠥᠰᠦᠯᠲᠡ ᠮᠠᠰᠢ ᠲᠦᠷᠭᠡᠨ ᠪᠥᠭᠡᠳ ᠲᠠᠷᠭᠤ ᠬᠦᠴᠦ ᠠᠪᠬᠤ ᠨᠢ ᠴᠦ ᠰᠠᠶᠢᠨ ᠪᠠᠶᠢᠨ᠎ᠠ︾ ᠭᠡᠵᠦ ᠦ᠋ ᠬᠠᠢ ᠯᠢᠨ ᠪᠠᠶᠠᠷᠲᠠᠢ ᠬᠡᠯᠡᠨ᠎ᠡ᠃ ᠦ᠋ ᠬᠠᠢ ᠯᠢᠨ ᠨᠢᠳᠤᠨᠤᠨ ᠨᠠᠮᠤᠷ 300 ᠭᠠᠷᠤᠢ ᠮᠦ ᠬᠥᠬᠡ ᠳᠠᠷᠤᠰᠢ ᠶᠢᠨ ᠡᠷᠳᠡᠨᠢ ᠰᠢᠰᠢ ᠬᠤᠷᠢᠶᠠᠵᠤ ᠳᠠᠷᠤᠰᠢᠭᠤᠯᠤᠭᠰᠠᠨ ᠤ ᠬᠠᠮᠲᠤ 3000 ᠪᠣᠭᠤᠵᠢ ᠡᠪᠡᠰᠦ᠂ 1500 ᠪᠣᠭᠤᠵᠢ ᠡᠷᠳᠡᠨᠢ ᠰᠢᠰᠢ ᠶᠢᠨ ᠡᠰᠢ ᠰᠦᠷᠡᠯ ᠨᠥᠭᠡᠴᠡᠯᠡᠵᠦ᠂ ᠮᠠᠯ ᠤᠨᠤᠭ᠎ᠠ ᠪᠠᠨ ᠠᠮᠤᠷ ᠲᠦᠪᠰᠢᠨ ᠢᠶᠠᠷ ᠡᠪᠦᠯ ᠬᠠᠪᠤᠷ ᠢ ᠥᠩᠭᠡᠷᠡᠭᠦᠯᠬᠦ ᠳᠤ ᠭᠦᠢᠴᠡᠳ ᠪᠡᠯᠡᠳᠬᠡᠯ ᠬᠢᠵᠡᠢ᠃ ᠲᠡᠷᠡ ᠪᠠᠰᠠ ᠥᠪᠡᠷ ᠢᠶᠠᠨ ᠲᠡᠵᠢᠭᠡᠯ ᠪᠣᠷᠳᠤᠭ᠎ᠠ ᠪᠤᠯᠪᠠᠰᠤᠷᠠᠭᠤᠯᠵᠤ᠂ ᠦᠬᠡᠷ ᠲᠡᠭᠡᠨ ᠪᠦᠷ ᠰᠥᠯ ᠰᠠᠶᠢᠲᠠᠢ᠂ ᠬᠢᠮᠳᠠ ᠲᠡᠵᠢᠭᠡᠯ ᠪᠣᠷᠳᠤᠭ᠎ᠠ ᠥᠭᠴᠦ ᠪᠠᠶᠢᠨ᠎ᠠ᠃      ᠵᠠᠷᠤᠳ ᠬᠤᠰᠢᠭᠤᠨ ᠤ ᠤᠯᠠᠮ ᠠᠴᠠ ᠤᠯᠠᠨ ᠮᠠᠯᠴᠢᠳ ᠪᠦᠷ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠭᠡᠯᠪᠡᠷᠢ ᠪᠠᠨ ᠬᠤᠪᠢᠷᠠᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠠᠰᠢᠭᠯᠠᠨ᠂ ᠰᠢᠨᠵᠢᠯᠡᠬᠦ ᠤᠬᠠᠭᠠᠨᠴᠢ ᠪᠠᠷ ᠮᠠᠯᠵᠢᠬᠤ᠂ ᠴᠥᠭᠡᠨ ᠮᠠᠯᠵᠢᠵᠤ ᠨᠠᠷᠢᠯᠢᠭ ᠮᠠᠯᠵᠢᠬᠤ ᠵᠠᠮ ᠢᠶᠠᠷ ᠵᠠᠮᠨᠠᠵᠤ ᠪᠠᠶᠢᠨ᠎ᠠ᠃ ᠨᠢᠳᠤᠨᠤᠨ ᠲᠣᠰ ᠬᠤᠰᠢᠭᠤᠨ ᠤ ᠮᠠᠯ ᠤᠨ ᠲᠤᠭ᠎ᠠ 298 ᠲᠦᠮᠡ ᠳᠤ ᠬᠦᠷᠴᠦ᠂ ᠮᠢᠬᠠᠨ ᠤ ᠬᠤᠨᠢ ᠶᠢ ᠡᠳ᠋ᠰᠢᠭᠦᠯᠦᠨ ᠪᠤᠯᠪᠠᠰᠤᠷᠠᠭᠤᠯᠵᠤ ᠣᠨᠳᠣᠣᠰᠢᠭᠤᠯᠬᠤ ᠨᠣᠷᠮ᠎ᠠ 81.5% ᠳᠤ ᠬᠦᠷᠴᠦ᠂ 2.9 ᠲᠦᠮᠡᠨ ᠮᠢᠬᠠᠨ ᠤ ᠦᠬᠡᠷ ᠢ ᠨᠢᠲᠤᠯᠤᠨ ᠪᠤᠯᠪᠠᠰᠤᠷᠠᠭᠤᠯᠬᠤ ᠴᠢᠳᠠᠪᠤᠷᠢ ᠪᠦᠬᠦᠢ 2 ᠶᠡᠭᠡ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠮᠠᠯ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠢ ᠪᠠᠶᠢᠷᠢᠯᠠᠭᠤᠯᠤᠯᠲᠠ ᠨᠠᠩ ᠵᠦᠢ ᠵᠣᠬᠢᠰᠲᠠᠢ ᠪᠣᠯᠪᠠ᠃      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ  ᠶᠢᠨ ᠠᠷᠭ᠎ᠠ ᠭᠡᠯᠪᠡᠷᠢ ᠶᠢ ᠠᠯᠬᠤᠮ ᠠᠯᠬᠤᠮ ᠢᠶᠠᠷ ᠬᠤᠪᠢᠷᠠᠭᠤᠯᠤᠨ᠂ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠤ᠂ ᠪᠠᠷᠢᠮᠵᠢᠶᠠᠵᠢᠭᠤᠯᠵᠤ ᠬᠡᠪᠴᠢᠶᠡᠵᠢᠭᠦᠯᠦᠨ ᠮᠠᠯᠵᠢᠬᠤ ᠶᠢ ᠯᠠᠪᠳᠠᠭᠤᠨ  ᠢᠶᠠᠷ ᠠᠬᠢᠭᠤᠯᠵᠤ᠂ ᠦᠬᠡᠷ ᠬᠤᠨᠢᠨ ᠮᠢᠬ᠎ᠠ᠂ ᠴᠠᠭᠠᠨ ᠢᠳᠡᠭᠡᠨ ᠵᠡᠷᠭᠡ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ  ᠤᠨ ᠬᠠᠩᠭᠠᠯᠭ᠎ᠠ ᠶᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ ᠪᠦᠭᠦ ᠤᠯᠤᠰ ᠤᠨ ᠲᠤᠷᠰᠢᠯᠲᠠ ᠶᠢᠨ ᠴᠡᠭ ᠤᠨ ᠭᠤᠷᠪᠠᠨ ᠬᠤᠰᠢᠭᠤ ᠨᠢ ᠨᠤᠲᠤᠭ ᠪᠡᠯᠴᠢᠭᠡᠷ ᠤᠨ ᠳᠠᠭᠠᠭᠠᠴᠠ᠂ ᠲᠡᠵᠢᠭᠡᠯ ᠡᠪᠡᠰᠦ ᠪᠣᠷᠳᠣᠭᠠᠨ ᠤ ᠪᠠᠲᠤᠯᠠᠭ᠎ᠠ᠂ ᠮᠠᠯᠵᠢᠵᠤ ᠡᠵᠡᠩᠨᠡᠬᠦ ᠵᠠᠭᠪᠤᠷ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ᠂ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠵᠡᠷᠭᠡ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠪᠡᠯᠴᠢᠭᠡᠷ ᠤᠨ ᠮᠠᠯ ᠠᠵᠤ ᠠᠬᠤᠢ ᠶᠢᠨ ᠭᠡᠪᠴᠢᠶᠡᠵᠢᠯᠳᠡ᠂ ᠪᠠᠷᠢᠮᠵᠢᠶᠠᠵᠢᠯᠳᠠ ᠪᠠ ᠠᠵᠤ ᠦᠢᠯᠡᠰᠵᠢᠯᠲᠡ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠭᠦ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号