ᠪᠦᠭᠦ ᠣᠷᠣᠨ ᠤ ᠬᠠᠪᠤᠷ ᠤᠨ ᠲᠠᠷᠢᠶᠠᠯᠠᠭ᠎ᠠ ᠨᠢᠭᠡᠨᠲᠡ ᠰᠢᠪᠲᠤᠷᠠᠭᠠᠨ ᠳᠠᠭᠠᠨ ᠣᠷᠣᠵᠤ᠂ ᠠᠮᠤ ᠪᠤᠳᠠᠭᠠᠨ ᠤ | ᠲᠠᠷᠢᠮᠠᠯ ᠳᠠᠷᠢᠭᠰᠠᠨ ᠠᠬᠢᠴᠠ 96% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠪᠲᠤᠷ | ᠪᠤᠶᠤ ᠪᠠᠭ᠋ᠠᠨ ᠲᠦᠷᠭᠡᠨ ᠪᠠᠶᠢᠵᠤ᠂ ᠨᠢᠭᠡᠨᠲᠡ ᠴᠢᠬᠢ ᠪᠠᠷᠢᠭᠰᠠᠨ ᠲᠠᠷᠢᠮᠠᠯ ᠤᠨ ᠳᠣᠲᠣᠷ᠎ᠠ ᠨᠢᠭᠡᠳᠦᠭᠡᠷ᠂ ᠬᠤᠶᠠᠳᠤᠭᠠᠷ | ᠲᠥᠷᠥᠯ ᠤᠨ ᠲᠠᠷᠢᠶᠠᠨ ᠴᠢᠬᠢ ᠶᠢᠨ ᠡᠵᠡᠯᠡᠬᠦ ᠬᠠᠷᠢᠴᠠᠯ 96% ᠳᠤ ᠬᠦᠷᠴᠡᠢ᠃ ᠡᠨᠡ ᠵᠢᠯ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ | ᠭᠠᠩᠳᠠᠭᠰᠠᠨ ᠭᠠᠵᠠᠷ ᠣᠷᠣᠨ ᠤ ᠲᠠᠷᠢᠶᠠᠴᠢᠳ ᠢ ᠢᠳᠡᠪᠬᠢᠲᠡᠢ ᠪᠠᠷ ᠵᠢᠯᠣᠭᠤᠳᠤᠨ ᠭᠠᠩ ᠬᠠᠭᠰᠠᠷᠠᠭᠠᠨ ᠢ | ᠠᠷᠭᠠᠴᠠᠭᠠᠬᠤ ᠪᠦᠳᠦᠮᠵᠢᠳᠠᠢ ᠠᠷᠭ᠎ᠠ ᠬᠡᠮᠵᠢᠶ᠎ᠡ ᠠᠪᠴᠤ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ | ᠶᠢ ᠪᠦᠭᠦ ᠬᠦᠴᠦᠨ ᠢᠶᠠᠷ ᠢᠶᠠᠨ ᠪᠠᠲᠤᠯᠠᠪᠠ᠃ | - ᠡᠷᠲᠡ ᠠᠴᠠ ᠲᠣᠬᠢᠷᠠᠭᠤᠯᠤᠨ ᠪᠠᠶᠢᠷᠢᠯᠠᠭᠤᠯᠪᠠ᠃ ᠵᠢᠯ ᠤᠨ ᠡᠬᠢᠨ ᠳᠤ ᠨᠢᠭᠡᠨᠲᠡ ᠪᠠᠶᠢᠷᠢᠯᠠᠭᠤᠯᠤᠭᠰᠠᠨ | ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠠᠭᠤᠷᠢᠨ | ᠳᠡᠭᠡᠷ᠎ᠡ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠭᠠᠮᠰᠢᠭ ᠢ | ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠤᠨ ᠲᠥᠰᠥᠯ︾ ᠪᠣᠯᠣᠨ ︽2023 ᠣᠨ ᠤ ᠮᠠᠯ | ᠠᠵᠤ ᠠᠬᠤᠢ ᠶᠢᠨ ᠠᠮᠤᠷ ᠲᠦᠪᠰᠢᠨ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ | ᠪᠠᠭᠠᠰᠬᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠢ | ᠵᠢᠯᠣᠭᠤᠳᠤᠨ ᠡᠷᠲᠡ ᠠᠴᠠ ᠠᠷᠭᠠᠴᠠᠭᠠᠵᠤ ᠤᠷᠢᠳᠴᠢᠯᠠᠨ ᠰᠡᠷᠭᠡᠶᠢᠯᠡᠪᠡ᠃ | - ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠥᠷᠨᠢᠭᠦᠯᠪᠡ᠃ ᠬᠠᠪᠤᠷ ᠤᠨ | ᠲᠠᠷᠢᠶᠠᠯᠠᠭ᠎ᠠ ᠶᠢᠨ ᠬᠤᠭᠤᠴᠠᠭᠠᠨ ᠳᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠤᠨ ᠬᠢᠨᠠᠨ ᠬᠡᠮᠵᠢᠯᠲᠡ ᠶᠢ | ᠴᠢᠩᠭᠠᠳᠬᠠᠵᠤ᠂ ᠴᠠᠭ ᠠᠭᠤᠷ ᠤᠨ ᠰᠠᠯᠠᠭ᠎ᠠ ᠮᠥᠴᠢᠷ ᠲᠠᠢ ᠬᠤᠯᠪᠤᠭᠠᠯᠠᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠭᠦ | ᠶᠢ ᠮᠡᠳᠡᠭᠳᠡᠵᠦ᠂ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡ 638 | ᠬᠤᠭᠤᠴᠠᠭ᠎ᠠ ᠨᠡᠶᠢᠲᠡᠯᠡᠨ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ 15 | ᠬᠤᠭᠤᠴᠠᠭ᠎ᠠ ᠨᠡᠶᠢᠲᠡᠯᠡᠵᠦ᠂ ᠲᠠᠷᠢᠶᠠᠴᠢᠳ ᠢ ᠵᠢᠯᠣᠭᠤᠳᠤᠨ ᠴᠠᠭ ᠲᠤᠬᠠᠢ ᠳᠤᠨᠢ ᠲᠠᠷᠢᠶ᠎ᠠ ᠲᠥᠮᠥᠰᠥ ᠪᠠᠨ ᠲᠠᠷᠢᠬᠤ ᠶᠢ | ᠪᠠᠲᠤᠯᠠᠵᠠᠢ᠃ | - ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ ᠶᠢ ᠴᠢᠩᠭᠠᠳᠬᠠᠪᠠ᠃ ᠭᠠᠩ ᠬᠠᠭᠰᠠᠷᠠᠭᠠᠨ ᠤ ᠪᠠᠶᠢᠳᠠᠯ | ᠭᠠᠷᠤᠭᠰᠠᠨ ᠤ ᠳᠠᠷᠠᠭ᠎ᠠ ᠦᠷᠭᠦᠯᠵᠢᠯᠡᠨ ᠲᠤᠰᠬᠠᠢ ᠮᠡᠷᠭᠡᠵᠢᠯᠲᠡᠨ ᠢ ᠲᠣᠮᠢᠯᠠᠨ ᠭᠠᠩᠳᠠᠭᠰᠠᠨ ᠭᠠᠵᠠᠷ ᠣᠷᠣᠨ ᠳᠤ | ᠣᠴᠢᠭᠤᠯᠵᠤ᠂ ᠲᠠᠷᠢᠮᠠᠯ ᠤᠨ ᠲᠦᠷᠦᠯ ᠵᠦᠢᠯ ᠬᠤᠪᠢᠶᠠᠨ᠂ ᠣᠷᠣᠨ ᠪᠦᠰᠡ ᠬᠤᠪᠢᠶᠠᠨ ᠲᠤᠬᠠᠢ ᠶᠢᠨ ᠭᠠᠵᠠᠷ ᠲᠤᠨᠢ | ᠮᠡᠷᠭᠡᠵᠢᠯ ᠤᠨ ᠵᠢᠯᠣᠭᠤᠳᠤᠯᠭ᠎ᠠ ᠥᠷᠨᠢᠭᠦᠯᠪᠡ᠃ ᠣᠳᠣᠬᠠᠨ ᠳᠤ ᠡᠯ᠎ᠡ ᠭᠠᠩᠳᠠᠭᠰᠠᠨ ᠭᠠᠵᠠᠷ ᠤᠨ ᠬᠢᠨ ᠴᠥᠮ | ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ ᠠᠮᠵᠢᠭᠤᠯᠤᠨ ᠲᠠᠷᠢᠶ᠎ᠠ ᠲᠥᠮᠥᠰᠥ ᠲᠠᠷᠢᠬᠤ ᠠᠵᠢᠯ ᠢ ᠵᠣᠬᠢᠶᠠᠨ | ᠪᠠᠶᠢᠭᠤᠯᠵᠤ᠂ 592.3 ᠲᠦᠮᠡᠨ ᠮᠦ ᠲᠠᠷᠢᠶᠠᠨ ᠭᠠᠵᠠᠷ ᠲᠤ ᠤᠷᠢᠳ ᠢᠶᠠᠷ ᠤᠰᠤᠯᠠᠵᠤ ᠴᠢᠭᠢᠭ ᠠᠪᠤᠭᠤᠯᠤᠭᠰᠠᠨ ᠤ | ᠲᠠᠷᠠᠭ᠎ᠠ ᠳᠠᠷᠢᠬᠤ ᠠᠷᠭ᠎ᠠ ᠶᠢ ᠬᠡᠷᠡᠭᠵᠢᠭᠦᠯᠵᠡᠢ᠃ | - ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠤᠨ ᠪᠠᠲᠤᠯᠠᠭ᠎ᠠ ᠶᠢ ᠨᠡᠮᠡᠭᠳᠡᠭᠦᠯᠪᠡ᠃ ᠡᠯ᠎ᠡ ᠭᠠᠵᠠᠷ ᠤᠨ | ᠬᠢᠨ ᠢ ᠵᠣᠬᠢᠶᠠᠨ ᠪᠠᠶᠢᠭᠤᠯᠤᠨ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠠᠵᠢᠯ ᠥᠷᠨᠢᠭᠦᠯᠵᠦ᠂ ᠡᠯ᠎ᠡ ᠭᠠᠵᠠᠷ ᠤᠨ ᠬᠢᠨ ᠨᠢᠭᠡᠨᠲᠡ 2.84 ᠳ᠋ᠦᠩᠰᠢᠭᠤᠷ ᠲᠥᠭᠦᠷᠢᠭ ᠤᠨ ᠭᠠᠩ | ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠣᠷᠣᠭᠤᠯᠵᠤ᠂ ᠰᠠᠭᠠᠭ ᠪᠠ ᠨᠣᠬᠠᠢ ᠶᠢᠨ ᠬᠤᠰᠢᠭᠤ ᠵᠡᠷᠭᠡ ᠣᠬᠤᠷ | ᠬᠤᠭᠤᠴᠠᠭᠠᠨ ᠳᠤ ᠪᠣᠯᠪᠠᠰᠤᠷᠠᠬᠤ ᠡᠯᠳᠡᠪ ᠠᠮᠤ ᠡᠯᠳᠡᠪ ᠪᠤᠷᠴᠠᠭ ᠤᠨ ᠲᠠᠷᠢᠮᠠᠯ ᠤᠨ ᠦᠷ᠎ᠡ ᠵᠡᠷᠭᠡ ᠶᠢ ᠨᠥᠭᠡᠴᠡᠯᠡᠨ᠂ | ᠤᠰᠤᠯᠠᠯᠲᠠ ᠶᠢᠨ ᠳᠤᠨᠤᠭ ᠲᠥᠬᠦᠭᠡᠷᠦᠮᠵᠢ ᠶᠢ ᠵᠠᠰᠠᠵᠤ ᠬᠠᠮᠠᠭᠠᠯᠠᠬᠤ ᠠᠵᠢᠯ ᠥᠷᠨᠢᠭᠦᠯᠵᠦ᠂ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠡᠪᠡᠳᠴᠢᠨ ᠪᠠ ᠬᠤᠷᠣᠬᠠᠢ | ᠰᠢᠪᠠᠵᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠡᠯᠡ ᠮᠥᠩᠭᠦ ᠶᠢ 2390 ᠲᠦᠮᠡᠨ ᠲᠥᠭᠦᠷᠢᠭ ᠪᠠᠭᠤᠯᠭᠠᠪᠠ᠃ | - ᠭᠠᠮᠰᠢᠭ ᠤᠨ ᠪᠠᠶᠢᠳᠠᠯ ᠤᠨ ᠲᠣᠬᠢᠷᠠᠭᠤᠯᠤᠯᠲᠠ ᠶᠢᠨ ᠲᠤᠭ᠎ᠠ ᠶᠢ ᠣᠯᠠᠰᠢᠷᠠᠭᠤᠯᠪᠠ᠃ ᠬᠠᠪᠤᠷ ᠤᠨ | ᠲᠠᠷᠢᠶᠠᠯᠠᠭ᠎ᠠ ᠡᠬᠢᠯᠡᠭᠰᠡᠨ ᠠᠴᠠ ᠨᠠᠭᠠᠰᠢ ᠭᠠᠮᠰᠢᠭ ᠤᠨ ᠪᠠᠶᠢᠳᠠᠯ ᠳᠤ ᠭᠠᠷᠠᠭ ᠤᠨ ᠲᠣᠬᠢᠷᠠᠭᠤᠯᠤᠯᠲᠠ ᠬᠢᠵᠦ᠂ ᠡᠯ᠎ᠡ | ᠭᠠᠵᠠᠷ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠭᠰᠡᠨ ᠪᠥᠭᠡᠳ ᠮᠡᠳᠡᠭᠡ ᠵᠠᠩᠭᠢ ᠶᠢ ᠵᠥᠪ ᠣᠨᠣᠪᠴᠢᠲᠠᠢ | ᠪᠥᠭᠡᠳ ᠴᠠᠭ ᠲᠤᠬᠠᠢ ᠳᠤᠨᠢ ᠮᠡᠳᠡᠭᠦᠯᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠤᠯᠤᠰ ᠠᠴᠠ ᠲᠠᠷᠢᠶᠠᠯᠠᠩ ᠦᠢᠯᠡᠳᠪᠦᠷᠢᠯᠡᠯ ᠤᠨ | ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠭᠤᠶᠤᠴᠢᠯᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠭᠠᠩ ᠬᠠᠭᠰᠠᠷᠠᠭᠠᠨ ᠤ ᠪᠠᠶᠢᠳᠠᠯ ᠢ ᠨᠢᠭᠲᠠ ᠠᠩᠬᠠᠷᠴᠤ᠂ ᠡᠯ᠎ᠡ | ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠩ ᠬᠠᠭᠰᠠᠷᠠᠭᠠᠨ ᠢ ᠰᠡᠷᠭᠡᠶᠢᠯᠡᠨ ᠭᠠᠩ ᠬᠠᠭᠰᠠᠷᠠᠭᠠᠨ ᠲᠠᠢ | ᠲᠡᠮᠡᠴᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠢᠳᠡᠪᠬᠢᠲᠡᠢ ᠨᠠᠶᠢᠳᠠᠪᠤᠷᠢᠵᠢᠭᠤᠯᠵᠤ᠂ ᠭᠠᠮᠰᠢᠭ ᠤᠨ ᠬᠤᠬᠢᠷᠠᠯ ᠢ ᠠᠯᠢ | ᠴᠢᠳᠠᠬᠤ ᠪᠠᠷ ᠪᠠᠭᠠᠰᠬᠠᠨ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠪᠠᠲᠤᠯᠠᠨ᠎ᠠ᠃ ᠲᠤᠬᠠᠢ ᠶᠢᠨ ᠭᠠᠵᠠᠷ ᠣᠷᠣᠨ | ᠤ ᠪᠣᠳᠠᠲᠤ ᠪᠠᠶᠢᠳᠠᠯ ᠳᠤᠨᠢ ᠲᠣᠬᠢᠷᠠᠭᠤᠯᠤᠨ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠳᠠᠭᠠᠯᠠᠬᠤ ᠡᠮ | ᠨᠠᠶᠢᠷᠠᠬᠤ᠂ ᠤᠰᠤᠯᠠᠭᠰᠠᠨ ᠬᠥᠷᠥᠰᠥᠨ ᠳᠤ ᠦᠷ᠎ᠡ ᠰᠠᠴᠤᠬᠤ᠂ ᠭᠦᠢᠬᠡᠨ ᠪᠤᠯᠠᠵᠤ ᠳᠤᠰᠤᠯᠭᠠᠨ ᠤᠰᠤᠯᠠᠬᠤ᠂ | ᠰᠦᠯᠢᠶᠥᠦ ᠪᠦᠷᠬᠦᠪᠴᠢ ᠪᠦᠷᠬᠦᠨ ᠳᠤᠰᠤᠯᠭᠠᠨ ᠤᠰᠤᠯᠠᠬᠤ ᠵᠡᠷᠭᠡ ᠭᠠᠩ ᠬᠠᠭᠰᠠᠷᠠᠭᠠᠨ ᠲᠠᠢ ᠲᠡᠮᠡᠴᠡᠵᠦ ᠤᠰᠤ | ᠠᠷᠪᠢᠯᠠᠬᠤ ᠮᠡᠷᠭᠡᠵᠢᠯ ᠤᠨ ᠠᠷᠭ᠎ᠠ ᠶᠢ ᠬᠡᠷᠡᠭᠯᠡᠵᠦ᠂ ᠲᠠᠷᠢᠶ᠎ᠠ ᠲᠥᠮᠥᠰᠥ ᠶᠢᠨ ᠡᠯᠪᠡᠭ ᠬᠤᠷᠢᠶᠠᠯᠲᠠ ᠶᠢ ᠪᠠᠲᠤᠯᠠᠬᠤ ᠪᠠᠷ | ᠬᠦᠴᠦᠯᠡᠨ ᠴᠢᠷᠮᠠᠶᠢᠬᠤ ᠪᠣᠯᠣᠨ᠎ᠠ᠃ |