ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 94 ᠳ᠋ᠦ᠋ᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/2
     5 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 94 ᠳ᠋ᠦ᠋ᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠬᠢᠭᠡᠳ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 81 ᠳ᠋ᠦ᠋ᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠢ ᠭᠤᠶᠤᠴᠢᠯᠠᠨ ᠮᠡᠳᠡᠭᠦᠯᠬᠦ ᠪᠠ ᠨᠠᠷᠠᠲᠤ ᠲᠡᠮᠳᠡᠭ ᠤᠨ ᠪᠠᠶᠢᠭᠤᠯᠥᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠲᠤᠭ᠎ᠠ ᠪᠦᠷᠢᠳᠬᠡᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠬᠠᠷᠢᠭᠤᠴᠠᠯᠭ᠎ᠠ ᠶᠢᠨ ᠰᠢᠰᠲ᠋ᠥᠮ ᠢ ᠪᠦᠷᠢᠨᠰᠢᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠣ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠤᠨ᠂ ᠲᠤᠭ᠎ᠠ ᠪᠦᠷᠢᠳᠬᠡᠯ ᠤᠨ ᠠᠵᠢᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠳᠤ ᠥᠨᠳᠥᠷ ᠦᠷ᠎ᠡ ᠪᠦᠲᠦᠮᠵᠢᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠦᠢ ᠵᠣᠬᠢᠰᠲᠠᠢ ᠰᠠᠨᠠᠭᠤᠯᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠣᠷᠢᠭ ᠰᠠᠨᠠᠭ᠎ᠠ ᠶᠢ ᠣᠨᠣᠪᠴᠢᠲᠠᠢ ᠡᠵᠡᠮᠳᠡᠵᠦ᠂ ︽ᠬᠥᠭᠵᠢᠯᠲᠡ ᠶᠢ ᠠᠬᠢᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ︾ ︽ᠰᠠᠭᠤᠷᠢ ᠲᠠᠯᠪᠢᠵᠤ᠂ ᠠᠯᠤᠰ ᠬᠡᠳᠦ ᠳᠤ ᠠᠰᠢᠭᠲᠠᠢ︾ ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠠᠵᠢᠯ ᠢ ᠰᠠᠶᠢᠲᠤᠷ ᠬᠢᠵᠣ᠂ ᠪᠦᠬᠦ ᠰᠢᠶᠠᠨ ᠢᠶᠠᠷ ᠢᠶᠠᠨ ᠠᠶᠤᠯᠭᠦᠢ ᠦᠢᠯᠡᠳᠪᠦᠷᠢᠯᠡᠯ ᠤᠨ ᠱᠤᠭᠤᠮ ᠢ ᠴᠠᠭ ᠢᠮᠠᠭᠲᠠ ᠴᠢᠩᠭ᠎ᠠ ᠠᠳᠬᠤᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠢ ᠪᠠᠶᠢᠴᠠᠭᠠᠨ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠳᠤ ᠨᠠᠶᠢᠳᠠᠪᠣᠷᠢᠵᠢᠭᠤᠯᠬᠤ ᠬᠡᠷᠡᠭᠲᠡᠢ  ︔ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠢ ᠭᠤᠶᠤᠴᠢᠯᠠᠨ ᠮᠡᠳᠡᠭᠦᠯᠬᠦ ᠪᠠ ᠨᠠᠷᠠᠲᠤ ᠲᠡᠮᠳᠡᠭ ᠤᠨ ᠪᠠᠶᠢᠭᠤᠯᠥᠯᠲᠠ ᠶᠢᠨ ᠠᠵᠢᠯ ᠤᠨ ᠲᠠᠯ᠎ᠠ ᠪᠠᠷ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ ᠨᠠᠷᠢᠯᠢᠭᠵᠢᠭᠤᠯᠵᠤ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠥᠨᠳᠦᠷᠯᠢᠭ ᠤᠨ ᠣᠨᠴᠠᠯᠢᠭ ᠢ ᠳᠣᠪᠤᠶᠢᠯᠭᠠᠵᠤ᠂ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠤᠨ᠂ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠪᠠᠰᠠ ᠪᠤᠰᠤᠳ ᠵᠣᠶᠢᠯ ᠢ ᠰᠤᠳᠤᠯᠤᠨ ᠬᠢᠨᠠᠨ ᠵᠥᠪᠯᠡᠪᠡ᠃ᠢᠷᠡᠯᠲᠡ:ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号