5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠢ ᠬᠥᠳᠡᠭᠡ | ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠲᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠰᠢᠮᠳᠠᠭᠤᠯᠣᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠰᠢᠮᠳᠠᠭᠤᠯᠣᠨ | ᠪᠠᠶᠢᠴᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ | ᠂ ᠵᠠᠰᠠᠭ ᠤᠨ ᠣᠷᠳᠣᠨ ᠤ ᠳᠠᠷᠤᠭ᠎ᠠ ᠬᠠᠳᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ | ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠤᠬᠠᠭᠤᠯᠭ᠎ᠠ ᠶᠢᠨ ᠹᠢᠯᠢᠮ ᠢ ᠦᠵᠡᠵᠦ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ | ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠪᠠᠶᠢᠳᠠᠯ ᠢ ᠰᠣᠨᠣᠰᠪᠠ᠃ | ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠮᠠᠨ ᠤ ᠰᠢᠶᠠᠨ ᠲᠣᠰ ᠤᠳᠠᠭᠠᠨ ᠤ ᠰᠢᠮᠳᠠᠭᠤᠯᠣᠨ | ᠵᠢᠯᠤᠭᠤᠳᠬᠤ ᠪᠠᠷ ᠠᠵᠠ ᠲᠣᠬᠢᠶᠠᠯ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠨᠢᠭᠲᠠ | ᠤᠶᠠᠯᠳᠤᠭᠤᠯᠤᠨ᠂ ︽ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ᠂ ᠬᠤᠲᠠ ᠪᠠᠷ ᠬᠥᠳᠡᠭᠡ ᠲᠣᠰᠬᠤᠨ ᠢ | ᠳᠠᠶᠢᠴᠢᠯᠠᠬᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ︾ ᠰᠡᠳᠬᠢᠴᠡ ᠪᠠᠷ ᠬᠥᠳᠡᠭᠡ ᠲᠣᠰᠬᠤᠨ ᠤ ᠵᠠᠰᠠᠮᠠᠯ | ᠵᠠᠮ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠲᠡᠭᠡᠭᠡᠪᠦᠷᠢ ᠶᠢᠨ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠪᠥᠬᠦ ᠲᠠᠯ᠎ᠠ ᠶᠢᠨ | ᠬᠥᠭᠵᠢᠯᠲᠡ ᠶᠢ ᠠᠬᠢᠭᠤᠯᠤᠨ᠎ᠠ᠃ | ᠬᠤᠷᠠᠯ ᠤᠨ ᠲᠠᠷᠠᠭ᠎ᠠ᠂ ᠰᠢᠮᠳᠠᠭᠤᠯᠣᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠤ ︽ᠲᠦᠷᠪᠡᠨ | ᠰᠠᠶᠢᠨᠲᠠᠢ ᠬᠥᠳᠡᠭᠡ ᠲᠣᠰᠬᠤᠨ ᠤ ᠵᠠᠮ︾︾ ᠢ ᠡᠭᠦᠳᠦᠨ ᠪᠠᠶᠢᠭᠤᠯᠤᠭᠰᠠᠨ ᠪᠠᠶᠢᠳᠠᠯ ᠳᠤ ᠳᠣᠲᠣᠭᠠᠳᠤ ᠠᠵᠢᠯ ᠤᠨ | ᠮᠠᠲᠧᠷᠢᠶᠠᠯ᠂ ᠭᠠᠳᠠᠭᠠᠳᠤ ᠠᠵᠢᠯ ᠤᠨ ᠵᠠᠮ ᠤᠨ ᠪᠠᠶᠢᠳᠠᠯ ᠳᠤ ᠪᠠᠶᠢᠴᠠᠭᠠᠯᠲᠠ ᠬᠢᠪᠡ᠃ | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |