ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠢ ᠡᠷᠭᠢᠯᠡᠪᠡ
ᠨᠡᠶᠢᠲᠡᠯᠡᠭᠰᠡᠨ ᠴᠠᠭ᠄
2023/6/20
      6 ᠰᠠᠷ᠎ᠠ ᠶᠢᠨ 15 ᠤ ᠡᠳᠦᠷ᠂ ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠤᠨ ᠤᠷᠠᠨ ᠰᠠᠶᠢᠬᠠᠨ ᠤ ᠲᠣᠭᠯᠠᠯᠲᠠ ᠡᠷᠭᠢᠯᠡᠪᠡ᠃
     ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠨᠢ ᠪᠥᠵᠢᠭ ︽ᠬᠦᠰᠡᠯ︾ ᠤᠨ ᠳᠤᠮᠳᠠ ᠬᠥᠰᠢᠭᠡ ᠪᠠᠨ ᠰᠡᠬᠦᠵᠦ᠂ ᠪᠥᠵᠢᠭ ︽ᠤᠯᠤᠰ ᠤᠨ ᠲᠤᠭ ᠤᠨ ᠳᠣᠣᠷ᠎ᠠ︾  ᠂ ︽ ᠰᠤᠷᠭᠠᠭᠤᠯᠢ ᠪᠠᠨ ᠮᠠᠭᠲᠠᠶ᠎ᠠ︾᠂ ᠴᠠᠷᠭᠢᠯ ᠬᠤᠯᠪᠣᠭ᠎ᠠ ︽ᠡᠷᠲᠡᠨ ᠤ ᠰᠢᠯᠦᠭ ᠳᠠᠭᠤᠯᠠᠯ︾᠂ ᠮᠣᠷᠢᠨ ᠬᠤᠭᠤᠷ ᠤᠨ ᠭᠤᠴᠣᠯᠠᠯ ᠬᠥᠭᠵᠢᠮ ︽ᠲᠠᠯ᠎ᠠ ᠨᠤᠲᠤᠭ ᠪᠡᠭᠡᠵᠢᠩ ᠲᠠᠢ ᠵᠠᠯᠭᠠᠯᠳᠤᠨ᠎ᠠ︾᠂ ᠳᠠᠭᠤᠤ ᠪᠥᠵᠢᠭ ︽ ᠴᠠᠬᠢᠯᠳᠠᠭ ᠤᠨ ᠳᠠᠭᠤᠤ︾ ᠂ ᠤᠷᠠᠨ ᠤᠩᠰᠢᠯᠭ᠎ᠠ ︽ᠲᠡᠷᠡ ᠦᠶ᠎ᠡ ᠶᠢᠨ ᠪᠠᠭᠠᠲᠤᠷ︾   ᠶᠢ ᠤᠶᠠᠩᠭᠠᠯᠠᠨ ᠤᠩᠰᠢᠬᠤ᠂ ᠵᠡᠽ ᠪᠦᠮᠪᠤᠷ ︽ᠤᠷᠤᠭᠰᠢᠯᠠᠶ᠎ᠠ︾᠂ ᠨᠠᠶᠢᠷᠠᠯ ᠳᠠᠭᠤᠤ ︽ᠠᠭᠤᠯᠠ ᠤᠰᠤᠨ ᠳᠤ ᠠᠶᠠᠯᠠᠶ᠎ᠠ︾᠂ ᠣᠷᠴᠢᠨ ᠠᠬᠤᠢ   ᠶᠢ ᠬᠠᠮᠠᠭᠠᠯᠠᠬᠤ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ 20 ᠲᠣᠭᠯᠠᠯᠲᠠ   ᠶᠢ ᠨᠢᠭᠡᠳ ᠨᠢᠭᠡ ᠪᠠᠷ ᠲᠣᠭᠯᠠᠵᠤ᠂ ᠲᠤᠬᠠᠢ ᠶᠢᠨ ᠲᠠᠯᠠᠪᠠᠶ ᠳᠤ ᠳᠡᠯᠭᠡᠨ ᠦᠵᠡᠭᠦᠯᠦᠭᠰᠡᠨ ᠡᠯ᠎ᠡ ᠲᠥᠷᠥᠯ ᠤᠨ ᠤᠷᠠᠯᠢᠭ ᠤᠨ ᠪᠦᠲᠦᠭᠡᠯ ᠨᠢ ᠨᠡᠩ ᠴᠤ ᠦᠵᠡᠭᠴᠢᠳ ᠤᠨ ᠠᠩᠬᠠᠷᠤᠯ   ᠢ ᠲᠠᠲᠠᠭᠰᠠᠨ ᠪᠠᠶᠢᠨ᠎ᠠ᠃
     ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠨᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠲᠤᠰ ᠤᠳᠠᠭ᠎ᠠ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠢ ᠡᠷᠬᠢᠯᠡᠭᠰᠡᠡ ᠨᠢ ᠰᠤᠷᠤᠭᠴᠢᠳ ᠲᠤ ᠤᠷᠠᠯᠢᠭ ᠤᠨ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠠᠵᠠ ᠲᠣᠬᠢᠶᠠᠯ ᠣᠯᠭᠤᠵᠤ᠂ ᠰᠤᠷᠭᠠᠭᠤᠯᠢ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠵᠤ᠂ ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠯᠢᠳᠡᠭ ᠰᠠᠶᠢᠨ ᠬᠡᠪ ᠨᠠᠮᠪᠠ ᠪᠣᠯᠣᠨ ᠶᠡᠷᠦᠩᠬᠡᠢ ᠬᠡᠪ ᠴᠢᠨᠠᠷ ᠢ ᠭᠦᠢᠴᠡᠳ ᠬᠠᠷᠠᠭᠤᠯᠵᠠᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号