ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 96 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/21
      6 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 96 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠦᠬᠦ ᠣᠷᠣᠨ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠰᠢᠶᠠᠨ ᠤ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠲᠣᠬᠢᠷᠠᠭᠤᠯᠤᠨ ᠪᠠᠶᠢᠷᠢᠯᠠᠭᠤᠯᠪᠠ︔ ᠰᠢᠶᠠᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠭᠤᠣᠯ ᠭᠦᠢᠴᠡᠳᠬᠡᠬᠦ ᠲᠤᠭ᠎ᠠ ᠶᠢᠨ ᠵᠢᠱᠢᠯᠲᠡ ᠶᠢᠨ ᠪᠠᠶᠢᠳᠠᠯ᠂ ᠪᠦᠬᠦ ᠰᠢᠶᠠᠨ ᠤ 82 ᠭᠤᠣᠯᠳᠠᠯᠭ᠎ᠠ ᠲᠠᠢ ᠵᠦᠢᠯᠡᠰ ᠤᠨ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠵᠢᠴᠢ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠱᠠᠭᠠᠷᠳᠠᠯᠭ᠎ᠠ ᠨᠢ ᠬᠠᠷᠢᠯᠴᠠᠨ ᠨᠡᠪᠲᠡᠷᠡᠯᠴᠡᠵᠦ᠂ ᠪᠦᠬᠦᠨ ᠢ ᠰᠦᠯᠪᠡᠵᠦ ᠪᠦᠭᠦᠳᠡ ᠶᠢ ᠬᠤᠯᠪᠤᠵᠦ ᠪᠠᠶᠢᠳᠠᠭ᠂ ᠡᠨᠡ ᠨᠢ ᠥᠪᠥᠷ ᠮᠣᠩᠭᠤᠯ ᠢ ᠬᠠᠶᠢᠷᠠᠯᠠᠨ ᠬᠠᠯᠠᠮᠵᠢᠯᠠᠵᠤ ᠪᠠᠶᠢᠬᠤ ᠪᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ︔ ︽ᠲᠠᠪᠤᠨ ᠶᠡᠭᠡ ᠡᠭᠦᠷᠭᠡ︾᠂  ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠶᠢᠨ ᠲᠣᠭᠤᠷᠢᠨ ᠳᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠵᠤ᠂ ᠯᠠᠪᠳᠠᠭᠤᠨ ᠲᠣᠭᠲᠠᠭᠤᠨ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︔ ᠰᠢᠶᠠᠨ ᠤ ᠠᠮᠢ ᠠᠬᠤᠢ ᠶᠢᠨ ᠴᠢᠳᠠᠮᠵᠢᠲᠤ ᠣᠷᠣᠨ ᠤ ᠦᠢᠯᠡᠳᠦᠯ ᠢ ᠪᠠᠳᠠᠷᠠᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ︔ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠦᠷᠦᠭᠦᠯᠡᠨ ᠬᠢᠬᠦ ᠰᠢᠶᠠᠨ ᠤ ᠤᠳᠤᠷᠢᠳᠤᠯᠭ᠎ᠠ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠤᠳᠤᠯᠵᠤ ᠮᠠᠭᠠᠳᠯᠠᠵᠤ᠂ ᠳᠤᠲᠠᠭᠤᠳᠠᠯ ᠢᠶᠠᠨ ᠦᠷᠭᠦᠯᠵᠢᠯᠡᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠶᠠᠪᠤᠴᠠ ᠳᠠᠬᠢ ᠠᠰᠠᠭᠤᠳᠠᠯ ᠤᠨ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠢᠯᠠᠰ ᠴᠡᠭ ᠢ ᠠᠭᠤᠳᠠᠯᠵᠤ᠂ ᠠᠵᠢᠯ ᠤᠨ ᠰᠡᠳᠬᠢᠴᠡ ᠪᠣᠯᠤᠨ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠦᠨᠡᠨ ᠠᠴᠠ ᠵᠥᠪ ᠢ ᠡᠷᠢᠵᠦ᠂ ᠡᠯ᠎ᠡ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ  ᠵᠦᠢᠯ ᠢ ᠰᠤᠳᠤᠯᠤᠨ ᠬᠢᠨᠠᠨ ᠵᠥᠪᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号