ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠦᠴᠦᠸᠠᠨ ᠰᠢᠶᠠᠨ ᠳᠤ ᠬᠦᠷᠴᠦ ᠰᠤᠷᠭᠠᠨ ᠬᠥᠮᠦᠵᠢᠯ ᠤᠨ ᠠᠵᠢᠯ ᠢ ᠰᠣᠯᠢᠯᠴᠠᠨ ᠵᠢᠯᠣᠭᠤᠳᠪᠠ
ᠨᠡᠶᠢᠲᠡᠯᠡᠭᠰᠡᠨ ᠴᠠᠭ᠄
2023/6/21
      6 ᠰᠠᠷ᠎ᠠ ᠶᠢᠨ 21 ᠤ ᠡᠳᠦᠷ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠯ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ ᠴᠢᠦᠢ ᠵᠢᠶᠠᠨ ᠬᠤᠸᠠ ᠨᠠᠷ ᠮᠠᠨ ᠤ ᠰᠢᠶᠠᠨ ᠳᠤ ᠬᠦᠷᠴᠦ ᠰᠤᠷᠭᠠᠨ ᠬᠥᠮᠦᠵᠢᠯ ᠤᠨ ᠠᠵᠢᠯ ᠢ ᠰᠣᠯᠢᠯᠴᠠᠨ ᠵᠢᠯᠣᠭᠤᠳᠪᠠ᠃
     ᠴᠢᠦᠢ ᠵᠢᠶᠠᠨ ᠬᠤᠸᠠ ᠨᠠᠷ ᠤᠷᠢᠳ ᠬᠤᠵᠢᠳ ᠦᠴᠦᠸᠠᠨ ᠰᠢᠶᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠤᠮᠳᠠᠳᠤ ᠰᠤᠷᠭᠠᠭᠤᠯᠢ ᠪᠠ ᠦᠴᠦᠸᠠᠨ ᠰᠢᠶᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠠᠭ᠎ᠠ ᠰᠤᠷᠭᠠᠭᠤᠯᠢ ᠳᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠰᠣᠯᠢᠯᠴᠠᠬᠤ ᠬᠡᠯᠪᠡᠷᠢ ᠪᠠᠷ ᠳᠠᠮᠵᠢᠨ᠂ ᠡᠯ᠎ᠡ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠪᠴᠢᠶ᠎ᠡ᠂ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ᠂ ᠰᠤᠷᠭᠠᠭᠤᠯᠢ ᠡᠷᠬᠢᠯᠡᠬᠦ ᠴᠢᠭᠯᠡᠯ᠂ ᠰᠤᠷᠭᠠᠭᠤᠯᠢ ᠡᠷᠬᠢᠯᠡᠬᠦ ᠣᠨᠴᠠᠯᠢᠭ᠂ ᠪᠠᠭᠰᠢ ᠶᠢᠨ ᠡᠩᠨᠡᠭᠡ᠂ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠨᠠᠷᠢᠨ ᠨᠢᠮᠪᠠᠢ ᠰᠣᠨᠣᠰᠴᠠᠢ᠃              ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号