ᠬᠥᠬᠡᠬᠤᠲᠠ ᠶᠢᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠤ ᠦᠴᠦᠸᠠᠨ ᠰᠢᠶᠠᠨ ᠤ ᠬᠤᠪᠢᠶᠠᠷᠢ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/6/21
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠬᠥᠮᠥᠰ ᠤᠨ ᠰᠡᠳᠬᠢᠯ᠂ ᠠᠷᠠᠳ ᠤᠨ ᠬᠦᠴᠦᠨ ᠢ ᠨᠢᠭᠲᠠᠷᠠᠭᠤᠯᠬᠤ ᠬᠦᠴᠦᠷᠬᠡᠭ ᠶᠡᠭᠡ ᠬᠦᠴᠦᠨ ᠢ ᠪᠠᠳᠠᠷᠠᠭᠤᠯᠵᠤ᠂ 6 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶᠠᠨ ᠤ ᠤᠬᠠᠭᠤᠯᠬᠤ ᠬᠡᠯᠲᠡᠰ᠂ ᠬᠥᠬᠡᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ᠂ ᠦᠴᠦᠸᠠᠨ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ ᠠᠴᠠ ᠭᠤᠣᠯᠯᠠᠨ ᠡᠷᠬᠢᠯᠡᠵᠦ᠂ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ ᠳᠠᠭᠠᠭᠠᠴᠢᠯᠠᠨ ᠡᠷᠬᠢᠯᠡᠵᠦ᠂ ᠦᠴᠦᠸᠠᠨ ᠰᠢᠶᠠᠨ ᠤ ᠬᠠ ᠯᠧ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ᠂ ᠦᠴᠦᠸᠠᠨ ᠰᠢᠶᠠᠨ ᠤ ᠬᠥᠬᠡ ᠡᠷᠭᠢ ᠪᠠᠯᠭᠠᠰᠤ ᠶᠢᠨ ᠶᠢᠩ ᠪᠢᠨ ᠨᠡᠶᠢᠭᠡᠮ ᠲᠣᠭᠤᠷᠢᠭ᠂ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ FM99.8  ᠤᠨ ᠬᠠᠮᠵᠢᠯᠴᠠᠨ ᠡᠷᠬᠢᠯᠡᠭᠰᠡᠨ ᠬᠥᠬᠡᠬᠤᠲᠠ ᠶᠢᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠤ ᠦᠴᠦᠸᠠᠨ ᠰᠢᠶᠠᠨ ᠤ ᠬᠤᠪᠢᠶᠠᠷᠢ ᠤᠷᠤᠯᠳᠤᠭᠠᠨ ᠢ ᠶᠢᠩ ᠪᠢᠨ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠭᠤᠯᠵᠠᠢ᠃
     ᠲᠤᠰ ᠤᠳᠠᠭᠠᠨᠨ ᠤ ᠤᠷᠤᠯᠳᠤᠭᠠᠨ ᠳᠤ ᠨᠡᠶᠢᠳᠡ 7 ᠡᠩᠨᠡᠭᠡ ᠣᠷᠣᠯᠴᠠᠵᠤ᠂ ᠤᠷᠤᠯᠳᠤᠭᠠᠨ ᠳᠤ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠴᠤᠭ ᠵᠢᠪᠬᠤᠭ᠎ᠠ ᠪᠠᠨ ᠢᠯᠡᠷᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠲᠣᠭᠤᠷᠢᠨ ᠳᠤ᠂ ᠦᠨᠳᠦᠰᠦᠨ ᠱᠠᠲᠤᠨ ᠤ ᠠᠵᠢᠯ ᠤᠨ ᠳᠤᠮᠳᠠᠬᠢ ᠦᠵᠡᠭᠰᠡᠨ ᠰᠣᠨᠣᠰᠤᠭᠰᠠᠨ ᠥᠩᠭᠡᠷᠡᠯᠲᠡ ᠪᠠᠨ ᠬᠤᠪᠢᠶᠠᠯᠴᠠᠨ ᠶᠠᠷᠢᠵᠤ᠂ ᠥᠪᠡᠷ ᠪᠡᠶ᠎ᠡ ᠶᠢᠨ ᠦᠢᠯᠡᠳᠦᠯᠭᠡ ᠪᠠᠷ ᠢᠶᠠᠨ ᠠᠭᠤᠤ ᠶᠡᠭᠡ ᠦᠵᠡᠯ ᠰᠠᠨᠠᠭ᠎ᠠ ᠶᠢ ᠣᠶᠢᠯᠠᠭᠠᠪᠠ᠃
     ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ᠂  ᠲᠤᠰᠬᠠᠢ ᠮᠡᠷᠭᠡᠵᠢᠯ ᠤᠨ ᠰᠢᠯᠭᠠᠷᠠᠭᠤᠯᠬᠤ ᠺᠣᠮᠢᠰ ᠤᠨ ᠪᠠᠭᠰᠢ ᠣᠷᠣᠯᠴᠠᠭᠰᠠᠳ ᠤᠨ ᠶᠠᠷᠢᠶᠠᠨ ᠤ ᠠᠭᠤᠯᠭ᠎ᠠ᠂ ᠳᠦᠷᠢ ᠲᠥᠷᠬᠦ᠂ ᠦᠭᠡ ᠬᠡᠯᠡ ᠤᠷᠠᠯᠢᠭ᠂ ᠶᠠᠷᠢᠶ᠎ᠠ ᠢᠯᠡᠳᠬᠡᠯ ᠤᠨ ᠦᠷ᠎ᠡ ᠪᠦᠲᠦᠮᠵᠢ ᠵᠡᠷᠭᠡ ᠲᠠᠯ᠎ᠠ ᠶᠢᠨ ᠢᠯᠡᠷᠡᠯ ᠢ ᠦᠨᠳᠦᠰᠦᠯᠡᠨ ᠨᠠᠷᠢᠨ ᠬᠢᠨᠠᠮᠠᠭᠠᠢ ᠰᠢᠯᠭᠠᠷᠠᠭᠤᠯᠵᠤ᠂ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 2 ᠨᠡᠷᠡᠰ᠂ ᠰᠢᠯᠢᠳᠡᠭ ᠱᠠᠩᠨᠠᠯ 2 ᠨᠡᠷᠡᠰ᠂ ᠬᠠᠮᠤᠭ ᠰᠢᠯᠢᠳᠡᠭ ᠬᠥᠮᠥᠰ ᠤᠨ ᠬᠦᠷᠢᠶᠡᠯᠡᠯ ᠢ ᠣᠯᠣᠭᠰᠠᠨ ᠱᠠᠩᠨᠠᠯ 1 ᠨᠡᠷᠡᠰ ᠢ ᠰᠢᠯᠭᠠᠷᠠᠭᠤᠯᠪᠠ᠃
     ᠲᠣᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠨᠢ ᠦᠴᠦᠸᠠᠨ ᠰᠢᠶᠠᠨ ᠤ ᠦᠨᠳᠦᠰᠦᠨ ᠱᠠᠲᠤᠨ ᠤ ᠺᠠᠳ᠋ᠷᠴᠤᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠪᠥᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠰᠡᠷᠭᠦᠨ ᠮᠠᠨᠳᠤᠯᠲᠠ ᠶᠢᠨ ᠠᠶᠠᠨ ᠵᠠᠮ ᠤᠨ ᠣᠷᠭᠢᠯᠤᠮ᠎ᠠ ᠰᠡᠳᠬᠢᠯᠭᠡ ᠪᠠ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠡᠢ᠃ ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠦᠷᠭᠦᠯᠵᠢᠯᠡᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠰᠢᠶᠠᠨ ᠤ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠪᠡᠶ᠎ᠡ ᠪᠠᠨ ᠵᠠᠰᠠᠵᠤ ᠶᠣᠰᠣ ᠰᠤᠷᠲᠠᠬᠤᠨ ᠢ ᠪᠤᠢ ᠪᠤᠯᠭᠠᠬᠤ  ᠶᠢᠨ ᠦᠨᠳᠦᠰᠦᠨ ᠵᠢᠷᠤᠮᠯᠠᠯ ᠪᠣᠯᠭᠠᠵᠤ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠠᠵᠢᠯ ᠮᠡᠷᠭᠡᠵᠢᠯ ᠤᠨ ᠶᠣᠰᠣ ᠰᠣᠷᠲᠠᠬᠤᠨ᠂ ᠭᠡᠷ ᠪᠦᠯᠢ ᠶᠢᠨ ᠰᠠᠶᠢᠬᠠᠨ ᠰᠤᠷᠲᠠᠯ᠂ ᠬᠤᠪᠢ ᠬᠥᠮᠥᠨ ᠤ ᠵᠠᠩ ᠰᠣᠷᠲᠠᠬᠤᠨ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠮᠠᠨ ᠤ ᠰᠢᠶᠠᠨ ᠤ ᠤᠯᠠᠨ ᠲᠦᠮᠡᠨ ᠤ ᠪᠣᠯᠪᠠᠰᠤᠨ ᠤ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠦᠮᠦᠵᠢᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号