6 ᠰᠠᠷ᠎ᠠ ᠶᠢᠨ 15 ᠤ ᠡᠳᠦᠷ᠂ ᠦᠴᠦᠸᠠᠨ ᠰᠢᠶᠠᠨ 2023 ᠣᠨ ᠤ ᠦᠶᠡᠷ ᠢ ᠰᠡᠷᠭᠡᠶᠢᠯᠡᠨ ᠠᠶᠤᠯ ᠠᠴᠠ | ᠠᠪᠤᠷᠠᠬᠤ ᠵᠢᠴᠢ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠰᠣᠷᠢᠯᠲᠠ ᠶᠢ ᠥᠷᠨᠢᠭᠦᠯᠪᠡ | ᠃ | | | | | ᠲᠣᠰ ᠤᠳᠠᠭᠠᠨ ᠤ ᠪᠣᠳᠠᠲᠤ ᠪᠠᠶᠢᠯᠳᠤᠭᠠᠨ ᠤ ᠰᠣᠷᠢᠯᠲᠠ ᠨᠢ 6 ᠰᠠᠷ᠎ᠠ ᠶᠢᠨ 15 ᠤ ᠡᠳᠦᠷ ᠬᠥᠬᠡᠬᠤᠲᠠ ᠶᠢᠨ | ᠦᠴᠦᠸᠠᠨ ᠰᠢᠶᠠᠨ ᠤ ᠳᠠᠯᠠᠨ ᠬᠠᠷ᠎ᠠ ᠰᠢᠶᠠᠩ ᠤᠨ ᠱᠧᠨ ᠡᠯ ᠳ᠋ᠧᠩ ᠲᠣᠰᠬᠤᠨ ᠤ ᠴᠠᠭ ᠤᠨ ᠪᠣᠷᠣᠭᠠᠨ ᠤ ᠬᠡᠮᠵᠢᠶ᠎ᠡ | 50 ᠮᠢᠯᠢᠮᠧᠲᠷ ᠠᠴᠠ ᠳᠡᠭᠡᠭᠰᠢ ᠪᠠᠶᠢᠵᠤ᠂ ᠱᠧᠨ ᠡᠯ ᠳ᠋ᠧᠩ ᠲᠣᠰᠬᠤᠨ ᠳᠤ ᠠᠭᠤᠯᠠᠨ ᠦᠶᠡᠷ ᠤᠨ ᠭᠠᠮᠰᠢᠭ | ᠭᠠᠷᠤᠭᠰᠠᠨ ᠢ ᠳᠠᠭᠤᠷᠢᠶᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠷ ᠳᠠᠮᠵᠢᠭᠤᠯᠤᠨ ᠣᠯᠠᠨ | ᠲᠦᠮᠡᠨ ᠢ ᠰᠢᠯᠵᠢᠭᠦᠯᠪᠡ︔ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ᠂ ᠵᠥᠪᠳᠡᠯᠴᠡᠨ | ᠰᠤᠳᠤᠯᠤᠨ ᠮᠠᠭᠠᠳᠯᠠᠵᠤ ᠪᠠᠶᠢᠷᠢᠯᠠᠭᠤᠯᠬᠤ᠂ ᠪᠠᠴᠢᠮ ᠪᠠᠶᠢᠳᠠᠯ ᠢ ᠠᠷᠭᠠᠴᠠᠭᠠᠵᠤ ᠳᠤᠰᠬᠠᠯ ᠭᠠᠷᠭᠠᠬᠤ᠂ ᠬᠥᠮᠥᠰ ᠢ | ᠰᠢᠯᠵᠢᠭᠦᠯᠦᠨ ᠠᠶᠤᠯ ᠠᠴᠠ ᠵᠠᠶᠢᠯᠠᠭᠤᠯᠬᠤ᠂ ᠪᠠᠴᠢᠮ ᠠᠶᠤᠯ ᠠᠴᠠ ᠠᠪᠤᠷᠠᠬᠤ᠂ ᠲᠥᠪᠬᠢᠨᠡᠭᠦᠯᠬᠦ ᠪᠠᠲᠤᠯᠠᠭ᠎ᠠ᠂ | ᠳᠡᠭᠡᠭᠰᠢ ᠮᠡᠳᠡᠭᠦᠯᠦᠨ ᠲᠤᠰᠠᠯᠠᠭᠤᠯᠬᠤ ᠵᠡᠷᠭᠡ ᠳᠤ ᠪᠣᠳᠠᠲᠤ ᠪᠠᠶᠢᠯᠳᠤᠭᠠᠨ ᠤ ᠰᠣᠷᠢᠯᠲᠠ ᠬᠢᠪᠡ᠃ ᠰᠣᠷᠢᠯᠲᠠ ᠳᠤ | ᠲᠤᠬᠠᠢ ᠶᠢᠨ ᠲᠠᠯᠠᠪᠠᠢ ᠶᠢᠨ ᠵᠢᠯᠤᠭᠤᠳᠬᠤ ᠭᠠᠵᠠᠷ ᠢ ᠪᠠᠶᠢᠭᠤᠯᠵᠤ᠂ ᠳᠣᠣᠷ᠎ᠠ ᠨᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠳᠤᠭᠤᠶᠢᠯᠠᠩ᠂ ᠠᠮᠤᠷ ᠲᠦᠪᠰᠢᠨ ᠰᠢᠯᠵᠢᠯᠲᠡ ᠶᠢᠨ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠠᠪᠤᠷᠠᠬᠤ ᠳᠤᠭᠤᠶᠢᠯᠠᠩ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠳᠤᠭᠤᠶᠢᠯᠠᠩ᠂ ᠲᠥᠪᠬᠢᠨᠡᠭᠦᠯᠬᠦ | ᠪᠠᠲᠤᠯᠠᠪᠤᠷᠢ ᠶᠢᠨ ᠳᠤᠭᠤᠶᠢᠯᠠᠩ ᠢ ᠪᠠᠶᠢᠭᠤᠯᠵᠤ᠂ ᠰᠣᠷᠢᠯᠲᠠ ᠳᠤ ᠣᠷᠤᠯᠴᠬᠠᠰᠡᠨ ᠡᠯ᠎ᠡ ᠳᠤᠭᠤᠶᠢᠯᠠᠩ ᠤᠨ ᠠᠵᠢᠯ ᠤᠨ | ᠬᠤᠪᠢᠶᠠᠷᠢᠯᠠᠯ ᠨᠢ ᠲᠣᠳᠣᠷᠬᠠᠢ᠂ ᠨᠢᠭᠲᠠ ᠬᠠᠮᠵᠢᠯᠴᠠᠭᠰᠠᠨ ᠪᠠᠶᠢᠨ᠎ᠠ᠃ ᠰᠣᠷᠢᠯᠲᠠ ᠨᠢ ᠵᠣᠬᠢᠴᠠᠭᠤᠯᠬᠤ ᠲᠣᠭᠲᠠᠴᠠ᠂ | ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠬᠦ᠂ ᠡᠩᠨᠡᠭᠡ ᠪᠠᠨ ᠳᠠᠪᠲᠠᠨ ᠪᠣᠯᠪᠠᠰᠤᠷᠠᠭᠤᠯᠬᠤ ᠪᠠᠷ ᠳᠠᠮᠵᠢᠭᠤᠯᠤᠨ᠂ ᠦᠶᠡᠷ ᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ | ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠭᠦᠷᠭᠡ ᠴᠢᠳᠠᠪᠤᠷᠢ᠂ ᠦᠶᠡᠷ ᠢ ᠰᠡᠷᠭᠡᠶᠢᠯᠡᠵᠦ ᠠᠶᠤᠯ ᠠᠴᠠ | ᠠᠪᠤᠷᠠᠬᠤ ᠡᠳ᠋ ᠪᠣᠳᠠᠰ᠂ ᠲᠥᠬᠦᠭᠡᠷᠦᠮᠵᠢ᠂ ᠠᠵᠢᠯᠲᠠᠨ ᠤ ᠡᠩᠨᠡᠭᠡ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ | ᠰᠢᠯᠭᠠᠨ ᠪᠠᠶᠢᠴᠠᠭᠠᠬᠤ ᠪᠠᠨ ᠴᠢᠩᠭᠠᠷᠠᠭᠤᠯᠵᠤ᠂ ᠦᠶᠡᠷ ᠢ ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠢ᠃ | | | | | ᠲᠤᠰ ᠤᠳᠠᠭᠠᠨ ᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠰᠣᠷᠢᠯᠲᠠ ᠶᠢᠨ ᠶᠠᠪᠤᠴᠠ ᠳᠤ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢ ᠥᠨᠳᠥᠷ ᠪᠦᠲᠦᠮᠵᠢᠲᠡᠶ᠂ ᠦᠷ᠎ᠡ ᠪᠦᠲᠦᠮᠵᠢ ᠰᠠᠶᠢᠲᠠᠢ᠂ | ︽ᠪᠣᠯᠪᠠᠰᠤᠷᠠᠭᠤᠯᠬᠤ︾ ᠤᠭ ᠰᠠᠨᠠᠭ᠎ᠠ᠂ ︽ᠪᠠᠶᠢᠯᠳᠤᠬᠤ︾ ᠵᠣᠷᠢᠯᠭ᠎ᠠ᠂ ︽ᠢᠯᠠᠬᠤ︾ ᠦᠷ᠎ᠡ ᠪᠦᠲᠦᠮᠵᠢ ᠶᠢ | ᠪᠡᠶᠡᠯᠡᠭᠦᠯᠵᠦ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠴᠢᠨᠠᠭᠰᠢᠳᠠ | ᠳᠠᠪᠲᠠᠨ ᠪᠣᠯᠪᠠᠰᠤᠷᠠᠭᠤᠯᠤᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠰᠢᠰᠲ᠋ᠥᠮ ᠤᠨ ᠪᠠᠶᠢᠭᠤᠯᠤᠯᠲᠠ᠂ ᠺᠠᠳ᠋ᠷ ᠤᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ | ᠵᠠᠶᠢᠯᠠᠬᠤ ᠤᠬᠠᠮᠰᠠᠷ ᠵᠢᠴᠢ ᠭᠠᠮᠰᠢᠭ ᠤᠨ ᠠᠳᠡᠯ ᠢ ᠠᠷᠭᠠᠴᠠᠬᠤ ᠶᠢ ᠶᠡᠷᠦᠩᠬᠡᠶᠢᠯᠡᠨ ᠵᠢᠯᠤᠭᠤᠳᠬᠤ᠂ ᠲᠦᠷᠭᠡᠨ | ᠲᠤᠰᠬᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠴᠢᠳᠠᠪᠤᠷᠢ ᠶᠢᠨ ᠲᠦᠪᠰᠢᠨ ᠢ ᠰᠢᠯᠭᠠᠨ | ᠪᠠᠶᠢᠴᠠᠭᠠᠵᠠᠢ᠃ | | ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ |