6 ᠰᠠᠷ᠎ᠠ ᠶᠢᠨ 19 ᠤ ᠡᠳᠦᠷ᠂ ᠳᠤᠮᠳᠠᠳᠤ ᠶᠢᠨ ᠪᠦᠬᠦ ᠤᠯᠤᠰ ᠤᠨ ᠤᠯᠤᠰ ᠲᠠᠭᠠᠨ ᠪᠤᠴᠬᠠᠰᠡᠨ | ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠡᠷᠬᠢᠯᠡᠭᠰᠡᠨ ︽ᠬᠠᠷᠢᠶᠠᠲᠤ ᠨᠠᠷ ᠤᠨ ᠬᠠᠶᠢᠷ᠎ᠠ | ᠬᠠᠯᠠᠮᠵᠢ · ᠬᠥᠳᠡᠭᠡ ᠲᠣᠰᠬᠤᠨ ᠤ ᠰᠤᠷᠤᠭᠴᠢᠳ ᠤᠨ ᠨᠢᠳᠦᠨ ᠬᠠᠷᠠᠭᠠᠨ ᠤ ᠬᠡᠷᠡᠯ ᠤᠨ ᠢᠨᠵᠧᠨᠧᠷᠢᠩ︾ ᠦᠴᠦᠸᠠᠨ | ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠥᠷᠨᠢᠭᠦᠯᠪᠡ᠃ | | | | | ᠲᠤᠰ ᠤᠳᠠᠭᠠᠨ ᠤ ᠠᠵᠢᠯᠯᠠᠭ᠎ᠠ ᠨᠢ ᠣᠷᠣᠨ ᠤ ᠲᠥᠪ ᠬᠤᠲᠠ ᠶᠢᠨ ᠳᠡᠭᠡᠳᠦ ᠳᠣᠣᠷᠠᠳᠤ ᠱᠠᠲᠤᠨ ᠤ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ | ᠂ ᠮᠥᠨᠴᠦ ᠳᠤᠮᠳᠠᠳᠤ ᠶᠢᠨ ᠪᠦᠬᠦ ᠤᠯᠤᠰ ᠤᠨ ᠤᠯᠤᠰ ᠲᠠᠭᠠᠨ ᠪᠤᠴᠬᠠᠰᠡᠨ ᠳᠤᠮᠳᠠᠳᠤ ᠶᠢᠨ ᠬᠠᠷᠢᠶᠠᠲᠤ ᠨᠠᠷ ᠤᠨ | ᠬᠤᠯᠪᠣᠭᠠᠲᠤ ᠬᠤᠷᠠᠯ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤᠴᠤᠳ ᠪᠠᠭᠠᠴᠤᠳ ᠤᠨ ᠬᠠᠷᠠᠭᠠᠨ ᠤ ᠡᠷᠡᠭᠦᠯ | ᠮᠡᠨᠳᠤ ᠳᠠᠬᠢ ᠬᠠᠶᠢᠷ᠎ᠠ ᠬᠠᠯᠠᠮᠵᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠮᠢᠳᠤᠯᠢᠭ ᠦᠢᠯᠡᠳᠦᠯᠭᠡ | ᠪᠣᠯᠣᠨ᠎ᠠ᠂ ᠨᠡᠩ ᠴᠤ ᠨᠢᠭᠡᠳᠦᠮᠡᠯ ᠹᠷᠣᠨᠲ ᠤᠨ ︽ᠣᠷᠣᠨ ᠤ ᠲᠥᠪ ᠬᠤᠲᠠ ᠬᠢᠨ ᠰᠡᠳᠬᠢᠯ ᠢᠶᠠᠨ ᠨᠢᠭᠡᠳᠬᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ | ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ︾ ᠶᠢ ᠬᠠᠷᠠᠭᠤᠯᠤᠭᠰᠠᠨ ᠪᠣᠳᠠᠲᠠᠢ ᠠᠵᠢᠯᠯᠠᠭ᠎ᠠ ᠪᠣᠯᠣᠨ᠎ᠠ᠃ | ᠣᠷᠣᠨ ᠤ ᠲᠥᠪ ᠬᠤᠲᠠ ᠤᠨ ᠨᠢᠭᠡᠳᠦᠮᠡᠯ ᠹᠷᠣᠨᠲ᠂ ᠳᠤᠮᠳᠠᠳᠤ ᠶᠢᠨ ᠪᠦᠬᠦ ᠤᠯᠤᠰ ᠤᠨ ᠤᠯᠤᠰ ᠲᠠᠭᠠᠨ ᠪᠤᠴᠬᠠᠰᠡᠨ | ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠺᠠᠳ᠋ᠷ ᠥᠪᠡᠷ ᠤᠨ ᠪᠡᠶ᠎ᠡ ᠳᠡᠭᠡᠨ ᠬᠠᠷᠢᠭᠤᠴᠠᠯᠭ᠎ᠠ | ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ | ᠢᠨᠵᠧᠨᠧᠷᠢᠩ︾ ᠤᠨ ᠲᠣᠭᠤᠷᠢᠨ ᠳᠤ ᠥᠷᠭᠡᠨ ᠣᠯᠠᠨ ᠨᠢᠭᠡᠳᠦᠮᠡᠯ ᠹᠷᠣᠨᠲ ᠤᠨ ᠪᠦᠷᠢᠯᠳᠦᠭᠦᠨ ᠢ ᠪᠦᠯᠬᠦᠮᠳᠡᠭᠦᠯᠦᠨ | ᠳᠠᠭᠠᠭᠤᠯᠵᠤ ᠪᠣᠳᠠᠲᠠᠢ ᠠᠷᠭ᠎ᠠ ᠬᠡᠮᠵᠢᠶ᠎ᠡ ᠠᠪᠴᠤ᠂ ᠰᠢᠨ᠎ᠡ ᠭᠠᠪᠢᠶ᠎ᠠ ᠪᠠᠶᠢᠭᠤᠯᠵᠤ᠂ ᠪᠣᠳᠠᠲᠤ ᠶᠠᠪᠤᠳᠠᠯ ᠢ ᠰᠠᠶᠢᠲᠤᠷ | ᠬᠢᠵᠦ᠂ ᠦᠷ᠎ᠡ ᠪᠦᠲᠦᠮᠵᠢ ᠭᠠᠷᠭᠠᠵᠤ᠂ ᠳᠤᠮᠳᠠᠳᠤ ᠶᠢᠨ ᠪᠦᠬᠦ ᠤᠯᠤᠰ ᠤᠨ ᠤᠯᠤᠰ ᠲᠠᠭᠠᠨ ᠪᠤᠴᠬᠠᠰᠡᠨ | ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠠᠷᠠᠳ ᠤᠨ ᠲᠥᠯᠥᠭᠡ᠂ ᠠᠷᠠᠳ ᠲᠤ ᠠᠰᠢᠭ | ᠬᠦᠷᠲᠡᠭᠡᠬᠦ ᠦᠨᠳᠦᠰᠦᠨ ᠱᠠᠲᠤᠨ ᠤ ᠨᠡᠶᠢᠭᠡᠮ ᠤᠨ ᠨᠥᠯᠥᠭᠡ ᠶᠢ ᠲᠠᠰᠤᠷᠠᠯᠲᠠ ᠦᠭᠡᠢ ᠥᠷᠭᠡᠳᠬᠡᠵᠦ᠂ ᠥᠷᠭᠡᠨ | ᠣᠯᠠᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ᠂ | ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠤᠨ ᠴᠢᠳᠠᠪᠤᠷᠢᠲᠠᠨ ᠴᠤᠭᠯᠠᠷᠠᠭᠰᠠᠨ᠂ ᠥᠷᠭᠡᠨ ᠳᠡᠯᠭᠡᠷ ᠬᠠᠷᠢᠯᠴᠠᠭ᠎ᠠ ᠲᠠᠢ | ᠥᠪᠡᠷᠮᠢᠴᠡ ᠳᠠᠪᠠᠭᠤᠯᠢᠭ ᠪᠠ ᠦᠢᠯᠡᠳᠦᠯ ᠴᠢᠳᠠᠪᠤᠷᠢ ᠶᠢ ᠦᠨᠡᠨᠬᠦ ᠪᠠᠳᠠᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠵᠣᠬᠢᠶᠠᠨ ᠪᠠᠶᠢᠭᠤᠯᠤᠨ ᠣᠷᠣᠯᠴᠠᠵᠤ᠂ ᠤᠯᠤᠰ ᠲᠠᠭᠠᠨ ᠪᠤᠴᠠᠵᠤ ᠢᠷᠡᠭᠰᠡᠨ | ᠳᠤᠮᠳᠠᠳᠤ ᠶᠢᠨ ᠬᠠᠷᠢᠶᠠᠲᠤ ᠨᠠᠷ ᠤᠨ ᠭᠡᠷ ᠪᠦᠯᠢ ᠪᠣᠯᠣᠨ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ | ᠨᠠᠷ ᠤᠨ ᠬᠠᠷᠢᠶᠠᠯᠠᠭᠳᠠᠬᠤ ᠲᠥᠷᠥᠭᠳᠡᠯ᠂ ᠠᠮᠵᠢᠯᠲᠠ ᠶᠢᠨ ᠲᠥᠷᠥᠭᠳᠡᠯ᠂ ᠡᠭᠦᠷᠭᠡᠲᠦ ᠲᠥᠷᠥᠭᠳᠡᠯ ᠢ ᠨᠡᠩ ᠴᠢᠩᠭ᠎ᠠ | ᠪᠣᠯᠭᠠᠵᠤ᠂ ᠬᠦᠴᠦ ᠪᠠᠨ ᠬᠠᠮᠲᠤᠳᠬᠠᠨ ᠦᠨᠳᠦᠰᠦᠲᠡᠨ ᠤ ᠪᠦᠯᠬᠦᠮᠳᠡᠯ᠂ ᠡᠷᠡᠯᠬᠡᠭᠯᠡᠨ ᠲᠡᠮᠡᠴᠡᠬᠦ ᠴᠠᠭ ᠦᠶ᠎ᠡ ᠶᠢᠨ | ᠰᠢᠨ᠎ᠡ ᠬᠦᠴᠦᠷᠬᠡᠭ ᠳᠠᠭᠤᠨ ᠢ ᠴᠤᠤᠷᠢᠶᠠᠲᠤᠭᠤᠯᠵᠤ᠂ ︽ᠲᠠᠪᠤᠨ ᠶᠡᠭᠡ ᠡᠭᠦᠷᠭᠡ︾ ᠶᠢ ᠴᠢᠷᠮᠠᠶᠢᠨ ᠪᠡᠶᠡᠯᠡᠭᠦᠯᠬᠦ ᠪᠠ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠤᠨ ᠲᠥᠯᠥᠭᠡ ᠬᠦᠴᠦᠯᠡᠨ ᠲᠡᠮᠡᠴᠡᠵᠦ᠂ ᠢᠳᠡᠪᠬᠢᠲᠡᠢ ᠪᠠᠷ ᠠᠵᠢᠯᠯᠠᠵᠤ᠂ ︽ᠳᠤᠮᠳᠠᠳᠤ ᠶᠢᠨ ᠬᠠᠷᠢᠶᠠᠲᠤ︾ | ᠶᠢᠨ ᠬᠦᠴᠦᠨ ᠴᠢᠳᠠᠯ ᠢᠶᠠᠨ ᠡᠷᠭᠦᠨ᠎ᠡ᠃ | | | | | ᠠᠵᠢᠯᠯᠠᠭ᠎ᠠ ᠶᠢᠨ ᠳᠤᠮᠳᠠ᠂ ᠮᠠᠨ ᠤ ᠰᠢᠶᠠᠨ ᠤ ᠮᠢᠩᠭ᠎ᠠ ᠰᠢᠬᠠᠮ ᠬᠠᠷᠠᠭᠠᠨ ᠤ ᠡᠷᠡᠭᠦᠯ ᠮᠡᠨᠳᠦ ᠶᠢᠨ | ᠠᠰᠠᠭᠤᠳᠠᠯ ᠲᠠᠢ ᠰᠤᠷᠭᠠᠭᠤᠯᠢ ᠳᠤ ᠣᠷᠣᠬᠤ ᠨᠠᠰᠤᠨ ᠤ ᠰᠤᠷᠤᠭᠴᠢᠳ ᠲᠤ ᠰᠦᠢᠳᠬᠡᠯ ᠬᠤᠷᠢᠶᠠᠬᠤ ᠦᠭᠡᠢ ᠪᠠᠷ | ᠬᠠᠷᠠᠭᠠᠨ ᠤ ᠪᠠᠶᠢᠴᠠᠭᠠᠯᠲᠠ ᠬᠢᠬᠦ ᠪᠠ ᠨᠢᠳᠦᠨ ᠰᠢᠯ ᠲᠠᠭᠠᠷᠠᠭᠤᠯᠬᠤ ᠦᠢᠯᠡᠴᠢᠯᠡᠭᠡ ᠬᠠᠩᠭᠠᠪᠠ᠃ | | ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ |