6 ᠳ᠋ᠤᠭᠠᠷ ᠰᠠᠷ᠎ᠠ ᠶᠢᠨ 20 ᠤ ᠡᠳᠦᠷ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ | ᠰᠤᠷᠭᠠᠭᠤᠯᠢ ᠰᠢᠶᠠᠨ ᠤ ᠤᠯᠠᠭᠠᠨᠮᠥ᠋ᠴᠢᠷ ᠲᠠᠢ ᠬᠤᠯᠪᠤᠭᠠᠯᠠᠨ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ | ᠫᠠᠷᠲ᠋ᠢᠽᠠᠨ ᠤ ᠰᠠᠭᠤᠷᠢᠨ ᠭᠠᠵᠠᠷ ᠤᠨ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠬᠥᠮᠦᠵᠢᠯ ᠤᠨ | ᠰᠠᠭᠤᠷᠢᠨ ᠭᠠᠵᠠᠷ ᠲᠤ ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠦᠴᠦᠸᠠᠨ ᠰᠢᠶᠠᠨ ᠤ ᠭᠤᠷᠪᠠᠨ ᠱᠠᠲᠤᠨ ᠤ | ᠣᠷᠣᠨ ᠲᠤᠭ᠎ᠠ ᠶᠢᠨ ᠠᠯᠪᠠᠨ ᠭᠡᠷ ᠤᠨ ᠪᠣᠯᠪᠠᠰᠤᠷᠠᠯ ᠤᠨ ᠠᠩᠭᠢ ᠳᠤ ᠮᠠᠩᠬᠠᠨ ᠳᠠᠭᠤᠣ ︽ᠬᠥᠬᠡᠮᠳᠦᠭ ᠠᠭᠤᠯᠠ ᠶᠢᠨ | ᠬᠥᠪᠡᠭᠦᠳ ᠥᠬᠢᠳ︾ ᠭᠡᠬᠦ ᠬᠤᠪᠢᠰᠬᠠᠯᠲᠤ ᠲᠡᠦᠬᠡᠨ ᠵᠦᠴᠦᠭᠡ ᠶᠢ ᠲᠣᠭᠯᠠᠪᠠ᠃ | | | | | ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠨᠢ ᠰᠢᠶᠠᠨ ᠤ ᠤᠯᠠᠭᠠᠨᠮᠥ᠋ᠴᠢᠷ ᠲᠠᠢ ᠬᠤᠯᠪᠤᠭᠠᠯᠠᠨ | ᠦᠴᠦᠸᠠᠨ ᠤ ᠬᠤᠪᠢᠰᠬᠠᠯ ᠤᠨ ᠲᠡᠦᠬᠡ ᠰᠣᠶᠣᠯ ᠢ ᠭᠦᠨᠵᠡᠭᠡᠢ ᠠᠭᠤᠳᠠᠯᠵᠤ᠂ ᠣᠯᠠᠨ ᠤᠳᠠᠭᠠᠨ ᠤ ᠨᠡᠪᠲᠡᠷᠡᠯᠴᠡᠭᠡ | ᠰᠣᠯᠢᠯᠴᠠᠭ᠎ᠠ ᠪᠠᠷ ᠳᠡᠮᠵᠢᠨ᠂ ︽ᠬᠥᠬᠡᠮᠳᠦᠭ ᠠᠭᠤᠯᠠ ᠶᠢᠨ ᠬᠥᠪᠡᠭᠦᠳ ᠥᠬᠢᠳ︾ ᠤᠨ ᠮᠠᠭᠲᠠᠨ ᠳᠠᠭᠤᠯᠠᠭᠰᠠᠨ | ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠦᠨᠳᠦᠰᠦᠲᠡᠨ ᠤ | ᠪᠦᠯᠬᠦᠮᠳᠡᠯ᠂ ᠴᠡᠷᠢᠭ ᠠᠷᠠᠳ ᠨᠢᠭᠡ ᠭᠡᠷ ᠤᠨ ᠬᠦᠮᠦᠨ᠂ ᠬᠠᠷᠭᠢᠰ ᠳᠠᠶᠢᠰᠤᠨ ᠳᠤ ᠬᠠᠮᠲᠤ ᠪᠠᠷ ᠬᠤᠷᠣᠰᠬᠤ᠂ | ᠤᠯᠤᠰ ᠭᠡᠷ ᠢᠶᠠᠨ ᠬᠠᠮᠠᠭᠠᠯᠠᠬᠤ ᠡᠷᠬᠢᠮ ᠳᠡᠭᠡᠳᠦ ᠦᠵᠡᠯ ᠰᠠᠨᠠᠭ᠎ᠠ ᠪᠣᠯᠣᠨ ᠲᠠᠶᠢᠴᠢᠨ ᠵᠣᠷᠢᠭ ᠰᠠᠨᠠᠭ᠎ᠠ ᠶᠢ ᠤᠤᠯ | ᠪᠦᠲᠦᠭᠡᠯ ᠤᠨ ᠰᠠᠭᠤᠷᠢᠨ ᠳᠡᠭᠡᠷ᠎ᠡ ᠲᠠᠬᠢᠨ ᠳᠡᠯᠭᠡᠷᠡᠭᠦᠯᠦᠨ ᠢᠯᠡᠳᠬᠡᠵᠦ᠂ ᠬᠤᠪᠢᠰᠬᠠᠯᠲᠤ ᠤᠳᠬ᠎ᠠ ᠤᠷᠠᠯᠢᠭ ᠤᠨ | ᠨᠠᠮ ᠤᠨ ᠬᠢᠴᠢᠶᠡᠯ ᠤᠨ ᠪᠣᠯᠪᠠᠰᠤᠷᠠᠯ ᠤᠨ ᠱᠠᠭᠠᠷᠳᠠᠯᠭ᠎ᠠ ᠳᠤ ᠨᠡᠶᠢᠴᠡᠭᠰᠡᠨ ᠲᠡᠦᠬᠡ ᠶᠢᠨ ᠣᠬᠤᠷ ᠵᠦᠴᠦᠭᠡ ᠶᠢ ᠨᠠᠮᠴᠢ | ᠴᠢᠨᠠᠷ ᠤᠨ ᠬᠥᠮᠦᠵᠢᠯ ᠤᠨ ᠣᠬᠤᠷ ᠬᠢᠴᠢᠶᠡᠯ ᠪᠣᠯᠭᠠᠨ ᠬᠢᠴᠢᠶᠡᠯ ᠤᠨ ᠲᠠᠩᠬᠢᠮ ᠳᠤ ᠣᠷᠣᠭᠤᠯᠪᠠ᠃ | | | | | | | | ᠬᠤᠪᠢᠰᠬᠠᠯ ᠤᠨ ᠡᠬᠢ ᠪᠠᠶᠠᠯᠢᠭ ᠢ ᠠᠰᠢᠭᠯᠠᠨ ᠨᠠᠮᠴᠢ ᠴᠢᠨᠠᠷ ᠤᠨ ᠬᠥᠮᠦᠵᠢᠯ ᠢ ᠥᠷᠨᠢᠭᠦᠯᠬᠦ ᠪᠣᠯ ᠨᠠᠮ ᠤᠨ | ᠰᠤᠷᠭᠠᠭᠤᠯᠢ ᠶᠢᠨ ᠴᠢᠬᠤᠯᠠ ᠡᠭᠦᠷᠭᠡ ᠬᠠᠷᠢᠭᠤᠴᠠᠯᠭ᠎ᠠ ᠪᠣᠯᠣᠨ᠎ᠠ᠃ ᠲᠡᠦᠬᠡ ᠰᠣᠶᠣᠯ᠂ ᠲᠠᠶᠢᠰᠠᠨ ᠤ ᠵᠦᠴᠦᠭᠡ ᠶᠢᠨ | ᠢᠯᠡᠷᠡᠭᠦᠯᠦᠯ ᠤᠨ ᠬᠡᠯᠪᠡᠷᠢ ᠶᠢ ᠨᠠᠮ ᠤᠨ ᠬᠢᠴᠢᠶᠡᠯ ᠲᠠᠢ ᠤᠶᠠᠯᠳᠤᠭᠤᠯᠬᠤ ᠨᠢ ᠬᠤᠪᠢᠰᠬᠠᠯ ᠤᠨ ᠤᠳᠬ᠎ᠠ | ᠤᠷᠠᠯᠢᠭ ᠤᠨ ᠨᠠᠮ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠬᠡᠯᠪᠡᠷᠢ ᠶᠢᠨ ᠰᠢᠨ᠎ᠡ ᠡᠭᠦᠳᠦᠯᠲᠡ᠂ ᠮᠦᠨᠴᠦ ᠨᠢᠭᠡ | ᠤᠳᠠᠭᠠᠨ ᠤ ᠠᠩᠬᠠᠨ ᠤ ᠲᠤᠷᠰᠢᠯᠲᠠ᠂ ᠡᠨᠡ ᠨᠢ ᠰᠤᠷᠤᠭᠴᠢᠳ ᠤᠨ ᠨᠢᠭᠡᠳᠦᠯᠲᠡᠢ ᠵᠥᠪᠰᠢᠶᠡᠷᠡᠯ ᠢ ᠣᠯᠣᠭᠰᠠᠨ | ᠪᠠᠶᠢᠨ᠎ᠠ᠃ ᠬᠤᠪᠢᠰᠬᠠᠯ ᠤᠨ ᠡᠬᠢ ᠪᠠᠶᠠᠯᠢᠭ ᠪᠣᠯ ᠲᠡᠦᠬᠡ ᠠᠴᠠ ᠪᠢᠳᠡᠨ ᠳᠤ ᠦᠯᠡᠳᠡᠭᠡᠵᠦ ᠥᠭᠭᠦᠭᠰᠡᠨ ᠨᠠᠮᠴᠢ | ᠴᠢᠨᠠᠷ ᠤᠨ ᠰᠤᠷᠭᠠᠨ ᠬᠥᠮᠦᠵᠢᠯ ᠤᠨ ᠡᠷᠬᠢᠮ ᠨᠠᠨᠳᠢᠨ ᠡᠳ᠋ ᠪᠠᠶᠠᠯᠢᠭ ᠮᠥᠨ᠂ ᠲᠡᠭᠦᠨ ᠳᠤ ᠡᠯᠪᠡᠭ ᠪᠠᠶᠠᠯᠢᠭ | ᠤᠶᠤᠨ ᠤ ᠰᠣᠶᠣᠯ ᠤᠨ ᠦᠨ᠎ᠡ ᠦᠷᠳᠡᠭ ᠲᠠᠢ᠂ ᠥᠪᠡᠷᠮᠢᠴᠡ ᠰᠤᠷᠭᠠᠨ ᠬᠥᠮᠥᠵᠢᠭᠦᠯᠬᠦ ᠴᠢᠳᠠᠮᠵᠢ ᠲᠠᠢ ᠶᠤᠮ᠃ | ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠣᠯᠣᠨ ᠰᠢᠶᠠᠨ ᠤ ᠤᠯᠠᠭᠠᠨᠮᠥ᠋ᠴᠢᠷ ᠤᠨ ᠬᠢᠨ ᠣᠷᠣᠨ | ᠨᠤᠲᠤᠭ ᠤᠨ ᠬᠤᠪᠢᠰᠬᠠᠯ ᠤᠨ ᠡᠬᠢ ᠪᠠᠶᠠᠯᠢᠭ ᠢ ᠨᠠᠮ ᠤᠨ ᠰᠤᠷᠭᠠᠭᠤᠯᠢ ᠶᠢᠨ ᠨᠠᠮᠴᠢ ᠴᠢᠨᠠᠷ ᠤᠨ ᠬᠥᠮᠦᠵᠢᠯ ᠤᠨ ᠪᠦᠬᠦ | ᠶᠠᠪᠤᠴᠠ ᠳᠤ ᠠᠭᠤᠰᠬᠠᠬᠤ ᠪᠠᠷ ᠢᠳᠡᠪᠬᠢᠲᠡᠢ ᠴᠢᠷᠮᠠᠶᠢᠵᠤ᠂ ᠢᠳᠡᠪᠬᠢᠲᠡᠢ ᠦᠷ᠎ᠡ ᠪᠦᠲᠦᠮᠵᠢ ᠣᠯᠵᠤ᠂ ᠥᠪᠡᠷᠮᠢᠴᠡ | ᠣᠨᠴᠠᠯᠢᠭ ᠲᠠᠢ ᠠᠭᠤᠰᠤᠯᠴᠠᠯ ᠤᠨ ᠵᠠᠮ ᠢ ᠬᠠᠶᠢᠨ ᠰᠦᠪᠡᠭᠴᠢᠯᠡᠬᠦ ᠶᠢᠨ ᠬᠠᠮᠲᠤ ᠣᠷᠣᠨ ᠨᠤᠲᠤᠭ ᠤᠨ ᠣᠨᠴᠠᠯᠢᠭᠲᠤ | ᠰᠣᠶᠣᠯ ᠢ ᠨᠡᠩ ᠰᠠᠶᠢᠨ ᠪᠠᠳᠠᠷᠠᠭᠤᠯᠤᠨ ᠳᠡᠯᠭᠡᠷᠡᠭᠦᠯᠵᠡᠢ᠃ | | ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ |