ᠠᠮᠠᠷᠠᠯᠲᠠ ᠪᠠᠷ ᠭᠠᠳᠠᠭᠰᠢ ᠭᠠᠷᠬᠤ ᠬᠥᠮᠥᠨ ᠣᠯᠠᠰᠢᠷᠠᠨ᠎ᠠ
ᠨᠡᠶᠢᠲᠡᠯᠡᠭᠰᠡᠨ ᠴᠠᠭ᠄
2023/6/21
     ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠵᠢᠱᠢᠵᠦ ᠪᠠᠶᠢᠬᠤ ᠪᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠦᠶ᠎ᠡ ᠪᠠᠷ ᠲᠡᠳᠡ ᠳᠠᠪᠬᠤᠷᠳᠠᠭᠰᠠᠨ ᠲᠤᠭ᠎ᠠ ᠪᠠᠷ ᠨᠡᠶᠢᠲᠡ ᠪᠠᠷ 65 ᠲᠦᠮᠡᠨ ᠠᠶᠠᠨᠴᠢᠨ ᠢ ᠠᠴᠢᠵᠤ ᠵᠥᠭᠡᠭᠡᠪᠦᠷᠢᠯᠡᠬᠦ ᠪᠣᠯᠣᠨ᠎ᠠ᠃      ᠠᠶᠠᠨᠴᠢᠳ ᠤᠨ ᠠᠶᠠᠯᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠣᠰ ᠲᠣᠪᠴᠢᠶ᠎ᠠ ᠠᠮᠠᠷᠠᠯᠲᠠ ᠶᠢᠨ ᠦᠶ᠎ᠡ ᠪᠠᠷ ᠪᠡᠭᠡᠵᠢᠩ ᠤᠷᠤᠭᠤ ᠠᠶᠠᠯᠠᠬᠤ ᠬᠤᠷᠳᠤᠨ ᠭᠠᠯᠲᠤ ᠲᠡᠷᠭᠡ ᠪᠠ ᠰᠤᠮᠤᠨ ᠭᠠᠯᠲᠤ ᠲᠡᠷᠭᠡ ᠶᠢ ᠨᠡᠶᠢᠲᠡ 10 ᠴᠤᠪᠤᠭ᠎ᠠ ᠨᠡᠮᠡᠨ ᠲᠣᠬᠢᠷᠠᠭᠤᠯᠵᠤ᠂ ᠡᠳᠦᠷ ᠲᠤ ᠠᠶᠠᠯᠠᠬᠤ ᠭᠠᠯᠲᠤ ᠲᠡᠷᠭᠡ ᠶᠢ 74 ᠴᠤᠪᠤᠭ᠎ᠠ ᠳᠤ ᠬᠦᠷᠬᠦ ᠪᠣᠯᠣᠨ᠎ᠠ᠃ ᠬᠥᠬᠡᠬᠤᠲᠠ᠂ ᠪᠤᠭᠤᠲᠤ᠂ ᠣᠷᠳᠣᠰ᠂ ᠵᠢᠨᠢᠩ ᠪᠣᠯᠤᠨ ᠯᠢᠨ ᠾᠧ ᠵᠡᠷᠭᠡ 5 ᠭᠠᠵᠠᠷ ᠤᠨ ᠬᠤᠭᠤᠷᠣᠨᠳᠤ ᠠᠶᠠᠯᠠᠬᠤ ᠬᠤᠲᠠ ᠬᠤᠭᠤᠷᠣᠨᠳᠤ ᠶᠢᠨ ᠭᠠᠯᠲᠤ ᠲᠡᠷᠭᠡ ᠶᠢ 9 ᠴᠤᠪᠤᠭ᠎ᠠ ᠨᠡᠮᠡᠵᠦ ᠲᠣᠬᠢᠷᠠᠭᠤᠯᠤᠨ᠎ᠠ᠃ 6 ᠳ᠋ᠤᠭᠠᠷ ᠰᠠᠷ᠎ᠠ ᠶᠢᠨ 21 ᠤ ᠡᠳᠦᠷ ᠪᠣᠯᠤᠨ 24 ᠤ ᠡᠳᠦᠷ ᠬᠥᠬᠡᠬᠤᠲᠠ ᠪᠣᠯᠤᠨ ᠣᠷᠳᠣᠰ ᠤᠨ ᠬᠤᠭᠤᠷᠣᠨᠳᠤ ᠠᠶᠠᠯᠠᠬᠤ ᠡᠩ ᠤᠨ ᠬᠤᠷᠳᠤᠴᠠ ᠲᠠᠢ ᠲᠦᠷ ᠴᠠᠭ ᠤᠨ ᠠᠶᠠᠨᠴᠢᠨ ᠤ ᠭᠠᠯᠲᠤ ᠲᠡᠷᠭᠡ ᠶᠢ 2 ᠴᠤᠪᠤᠭ᠎ᠠ ᠨᠡᠮᠡᠭᠳᠡᠵᠦ ᠲᠣᠬᠢᠷᠠᠭᠤᠯᠤᠨ᠎ᠠ᠃
     ᠡᠭᠦᠨ ᠠᠴᠠ ᠭᠠᠳᠠᠨ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠦᠶ᠎ᠡ ᠪᠠᠷ ᠲᠡᠮᠦᠷ ᠵᠠᠮ ᠤᠨ ᠰᠠᠯᠠᠭ᠎ᠠ ᠮᠥᠴᠢᠷ ᠪᠠᠰᠠ ᠬᠥᠬᠡᠬᠤᠲᠠ ᠠᠴᠠ ᠬᠥᠯᠥᠨ ᠪᠤᠶᠢᠷ — ᠮᠦᠸᠧᠾᠧ ᠬᠥᠷᠬᠦ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠨᠢᠭᠡ ᠴᠤᠪᠤᠭ᠎ᠠ ᠲᠣᠬᠢᠷᠠᠭᠤᠯᠤᠨ᠎ᠠ᠂ ᠠᠶᠠᠨᠴᠢᠳ ᠭᠠᠯᠲᠤ ᠲᠡᠷᠭᠡᠨ ᠳᠤ ᠰᠠᠭᠤᠵᠤ ᠲᠠᠯ᠎ᠠ ᠨᠤᠲᠤᠭ᠂ ᠶᠡᠭᠡ ᠬᠢᠩᠭᠠᠨ ᠳᠠᠪᠠᠭ᠎ᠠ ᠪᠣᠯᠤᠨ ᠤᠮᠠᠷᠠᠲᠤ ᠲᠦᠢᠯ ᠤᠨ ᠲᠣᠰᠬᠤᠨ ᠢᠶᠠᠷ ᠵᠤᠭᠠᠴᠠᠨ ᠲᠣᠭᠤᠷᠢᠵᠤ᠂ ᠢᠳᠡᠵᠦ ᠤᠤᠭᠤᠬᠤ᠂ ᠬᠤᠨᠣᠵᠤ ᠬᠡᠪᠲᠡᠬᠦ᠂ ᠶᠠᠪᠤᠵᠤ ᠰᠠᠭᠤᠬᠤ ᠪᠠ ᠲᠣᠭᠤᠷᠢᠨ ᠵᠤᠭᠠᠴᠠᠬᠤ ᠶᠢ ᠨᠢᠭᠡ ᠴᠤᠭᠴᠠᠵᠢᠭᠤᠯᠤᠭᠰᠠᠨ ᠵᠢᠭᠤᠯᠴᠢᠯᠠᠵᠤ ᠪᠣᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号