ᠥᠪᠥᠷ ᠮᠣᠩᠭᠤᠯ ᠲᠠᠷᠢᠶᠠᠯᠠᠩ ᠤᠨ ᠨᠥᠬᠦᠪᠦᠷᠢ ᠪᠠᠭᠤᠯᠭᠠᠪᠠ
ᠨᠡᠶᠢᠲᠡᠯᠡᠭᠰᠡᠨ ᠴᠠᠭ᠄
2023/6/21
     ᠥᠪᠥᠷ ᠮᠣᠩᠭᠤᠯ ‍ᠣᠨ‌ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ ᠠᠴᠠ ᠦᠵᠡᠪᠡᠯ᠂ ᠲᠥᠪ ᠤᠨ ᠡᠳ᠋ ᠤᠨ ᠵᠠᠰᠠᠭ ᠠᠴᠠ ᠣᠶᠢᠷ᠎ᠠ ᠳᠤ 2023 ᠣᠨ ᠤ ᠲᠠᠷᠢᠶᠠᠨ ᠭᠠᠵᠠᠷ ᠢ ᠬᠠᠮᠠᠭᠠᠯᠠᠬᠤ 1214.85 ᠳ᠋ᠦᠩᠰᠢᠭᠤᠷ ᠲᠥᠭᠦᠷᠢᠭ ᠤᠨ ᠨᠥᠬᠦᠪᠦᠷᠢ ᠪᠠᠭᠤᠯᠭᠠᠪᠠ᠃ ᠡᠭᠦᠨ ᠳᠤ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠳᠤ 59.78 ᠳ᠋ᠦᠩᠰᠢᠭᠤᠷ ᠲᠥᠭᠦᠷᠢᠭ ᠤᠨ ᠨᠥᠬᠦᠪᠦᠷᠢ ᠮᠥᠩᠭᠦ  ᠪᠠᠭᠤᠯᠭᠠᠵᠠᠢ  ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠠᠷᠢᠶᠠᠨ  ᠭᠠᠵᠠᠷ ᠢ ᠬᠠᠮᠠᠭᠠᠯᠠᠬᠤ ᠨᠥᠬᠦᠪᠦᠷᠢ ᠮᠥᠩᠭᠦ ᠶᠢ ︽ᠨᠢᠬᠡ ᠺᠠᠷᠲ︾ ᠢᠶᠠᠷ ᠳᠠᠮᠵᠢᠭᠤᠯᠤᠨ ᠲᠠᠷᠬᠠᠭᠠᠨ᠎ᠠ᠂ ᠨᠥᠬᠦᠪᠦᠷᠢ ᠮᠥᠩᠭᠦ ᠶᠢ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢᠨ ᠲᠠᠷᠢᠶᠠᠨ ᠭᠠᠵᠠᠷ ᠤᠨ ᠲᠠᠯᠠᠪᠠᠶ᠂ ᠭᠠᠶᠢᠯᠢ ᠪᠤᠳᠤᠬᠤ ᠲᠠᠷᠢᠶᠠᠨ ᠭᠠᠵᠠᠷ ᠤᠨ ᠲᠠᠯᠠᠪᠠᠶ᠂ ᠡᠷᠬᠡ ᠶᠢ ᠨᠤᠲᠠᠯᠠᠨ ᠲᠣᠭᠲᠠᠭᠠᠭᠰᠠᠨ ᠲᠠᠷᠢᠶᠠᠨ ᠭᠠᠵᠠᠷ ᠤᠨ ᠲᠠᠯᠠᠪᠠᠶ ᠪᠤᠶᠤ ᠠᠮᠤ ᠪᠤᠳᠠᠭ᠎ᠠ  ᠲᠠᠷᠢᠵᠤ ᠪᠠᠶᠢᠭ᠎ᠠ ᠲᠠᠯᠠᠪᠠᠶ ᠵᠡᠷᠭᠡ   ᠪᠠᠷ ᠦᠨᠳᠦᠰᠦᠯᠡᠯ ᠪᠣᠯᠭᠠᠨ ᠥᠭᠭᠦᠨ᠎ᠡ᠃ ᠪᠣᠳᠠᠲᠠᠢ ᠠᠯᠢ ᠬᠡᠳᠦᠨ ᠲᠥᠷᠥᠯ ᠬᠡᠯᠪᠡᠷᠢ ᠳᠤ ᠬᠠᠷᠢᠶᠠᠯᠠᠭᠳᠠᠬᠤ ᠶᠢ ᠡᠯ᠎ᠡ ᠠᠶᠢᠮᠠᠭ ᠬᠤᠲᠠ ᠠᠴᠠ ᠲᠣᠰ ᠭᠠᠵᠠᠷ ᠣᠷᠣᠨ ᠤ  ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠬᠤ ᠶᠢᠨ ᠬᠠᠮᠲᠤ  ᠨᠥᠬᠦᠪᠦᠷᠢ ᠮᠥᠩᠭᠦ ᠶᠢᠨ ᠶᠡᠷᠦᠩᠬᠡᠢ ᠬᠡᠮᠵᠢᠶ᠎ᠡ ᠪᠠ ᠨᠢᠭᠡᠨᠲᠡ ᠲᠣᠭᠲᠠᠭᠠᠭᠰᠠᠨ ᠨᠥᠬᠦᠪᠦᠷᠢ ᠶᠢ ᠦᠨᠳᠦᠰᠦᠯᠡᠨ ᠶᠡᠷᠦᠩᠬᠡᠶᠢᠯᠡᠨ ᠵᠢᠱᠢᠵᠦ᠂ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ᠂ ᠠᠳᠠᠯᠢ ᠪᠤᠰᠤ ᠬᠤᠰᠢᠭᠤ ᠰᠢᠶᠠᠨ ᠳᠤ ᠠᠳᠠᠯᠢ ᠪᠤᠰᠤ ᠨᠥᠬᠦᠪᠦᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠣᠯᠣᠨ᠎ᠠ ᠬᠡᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号