ᠲᠦᠷᠦᠭᠦᠬᠡᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠡᠮᠴᠢᠯᠡᠭᠡᠨ ᠤ ᠪᠠᠲᠤᠯᠠᠭ᠎ᠠ ᠶᠢᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ | ︵ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ ﹇2023﹈ 16 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ | ᠮᠡᠲᠦ ᠲᠠᠶᠢᠯᠤᠮᠵᠢ ᠬᠢᠪᠡ᠄ | ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠮᠴᠢᠯᠡᠭᠡᠨ ᠤ ᠪᠠᠲᠤᠯᠠᠭ᠎ᠠ ᠶᠢᠨ | ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ 2020 ᠣᠨ ᠳᠤ ︽ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠣᠯᠠᠨ | ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠪᠠ᠃ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | 2021 ᠣᠨ ᠳᠤ ︽ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠰᠠᠨᠠᠯ︾ ᠢ | ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠶᠢ ᠰᠢᠯᠢᠳᠡᠭᠵᠢᠭᠦᠯᠬᠦ ᠶᠡᠷᠦᠩᠬᠡᠢ ᠬᠠᠷᠠᠯᠲᠠ ᠶᠢ ᠲᠣᠳᠣᠷᠬᠠᠶᠢᠯᠠᠪᠠ᠃ ᠣᠶᠢᠷ᠎ᠠ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠠᠷᠠᠳ ᠲᠦᠮᠡᠨ ᠢ | ᠳᠡᠭᠡᠳᠦᠯᠡᠬᠦ ᠬᠥᠭᠵᠢᠯᠲᠡ ᠶᠢᠨ ᠣᠨᠣᠯᠵᠢᠬᠤᠨ ᠢ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ | ᠪᠣᠳᠠᠲᠤ ᠦᠷ᠎ᠡ ᠪᠦᠲᠦᠮᠵᠢ ᠪᠣᠯᠭᠠᠨ ᠤᠯᠠᠷᠢᠭᠤᠯᠬᠤ ᠶᠢᠨ ᠲᠤᠰᠠᠳᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ︽ᠮᠡᠳᠡᠭᠳᠡᠯ︾ ᠨᠡᠶᠢᠲᠡᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠦᠬᠦᠮ | ᠦᠵᠡᠭᠦᠯᠬᠦ ᠠᠩᠬᠠᠳᠠᠭᠴᠢ ᠪᠦᠯᠦᠭ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠠᠷᠳᠠᠮ ᠢ | ᠳᠥᠭᠦᠮᠴᠢᠯᠡᠬᠦ᠂ ᠮᠠᠲ᠋ᠧᠷᠢᠶᠠᠯ ᠢ ᠴᠣᠮᠬᠠᠳᠬᠠᠬᠤ᠂ ᠴᠠᠭ ᠤᠨ ᠬᠢᠵᠠᠭᠠᠷ ᠢ ᠪᠣᠳᠣᠨᠢᠰᠬᠠᠬᠤ ᠪᠠ ᠦᠢᠯᠡᠴᠢᠯᠡᠭᠡᠨ ᠤ | ᠵᠠᠭᠪᠤᠷ ᠢ ᠰᠢᠨᠡᠴᠢᠯᠡᠵᠦ᠂ ᠤᠯᠠᠨ ᠲᠦᠮᠡᠨ ᠳᠤ ᠨᠡᠩ ᠳᠥᠭᠦᠮ ᠳᠥᠲᠡ᠂ ᠨᠡᠩ ᠴᠢᠨᠠᠷ ᠰᠠᠶᠢᠲᠠᠢ᠂ ᠨᠡᠩ ᠥᠨᠳᠥᠷ | ᠪᠦᠲᠦᠮᠵᠢᠲᠡᠢ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠵᠦ ᠪᠠᠶᠢᠨ᠎ᠠ᠃ | | ᠬᠤᠶᠠᠷ᠂ ︽ᠮᠡᠳᠡᠭᠳᠡᠯ︾ ᠤᠨ ᠭᠤᠣᠯ ᠪᠣᠳᠣᠯᠬᠢᠯᠠᠯ | ︽ᠮᠡᠳᠡᠭᠳᠡᠯ︾ ᠳᠤ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠶᠢᠭ᠎ᠠ ᠪᠣᠳᠠᠲᠠᠢ | ᠠᠰᠠᠭᠤᠳᠠᠯ ᠪᠠ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠣᠣᠷᠠᠬᠢ ᠲᠠᠪᠤᠨ | ᠲᠠᠯ᠎ᠠ ᠠᠴᠠ ᠪᠣᠳᠣᠯᠬᠢᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠣᠳᠣᠬᠠᠨ ᠤ ᠲᠦᠭᠵᠢᠷᠡᠯ ᠤᠨ | ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ᠨᠢᠭᠡ ᠳᠤ᠂ ᠭᠤᠭᠴᠤᠭ᠎ᠠ ᠶᠢ ᠪᠠᠭᠠᠰᠬᠠᠵᠤ᠂ ᠡᠮᠴᠢᠯᠡᠭᠡᠨ ᠤ ᠪᠠᠲᠤᠯᠠᠭ᠎ᠠ ᠶᠢ | ᠰᠢᠯᠵᠢᠭᠦᠯᠵᠦ ᠦᠷᠭᠦᠯᠵᠢᠯᠡᠭᠦᠯᠬᠦ ᠠᠵᠢᠯ ᠢ ᠲᠦᠷᠭᠡᠳᠬᠡᠪᠡ᠃ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ | ᠰᠢᠯᠵᠢᠭᠦᠯᠵᠦ ᠦᠷᠭᠦᠯᠵᠢᠯᠡᠭᠦᠯᠬᠦ ᠭᠠᠷᠳᠠᠮ ᠢ ᠭᠦᠢᠴᠡᠳᠬᠡᠬᠦ ᠨᠢ ᠤᠳᠠᠭᠠᠨ ᠪᠠᠶᠢᠬᠤ ᠠᠰᠠᠭᠤᠳᠠᠯ ᠳᠤ ᠴᠢᠭᠯᠡᠭᠦᠯᠦᠨ᠂ | ᠭᠦᠢᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂ ᠰᠢᠯᠵᠢᠭᠦᠯᠦᠨ ᠭᠠᠷᠭᠠᠬᠤ ᠭᠠᠵᠠᠷ ᠠᠴᠠ ︽ᠳᠠᠭᠠᠳᠬᠠᠯ ᠳᠤ | ᠣᠷᠣᠯᠴᠠᠭᠰᠠᠨ ᠭᠡᠷᠡᠴᠢ︾ ᠭᠠᠷᠭᠠᠬᠤ ᠪᠠ ᠰᠢᠯᠵᠢᠭᠦᠯᠦᠨ ᠣᠷᠣᠭᠤᠯᠬᠤ ᠭᠠᠵᠠᠷ ᠠᠴᠠ ︽ᠬᠠᠷᠢᠯᠴᠠᠬᠤ ᠵᠠᠬᠢᠳᠠᠯ︾ | ᠭᠠᠷᠭᠠᠬᠤ ᠡᠨᠡ ᠬᠤᠶᠠᠷ ᠭᠦᠢᠴᠡᠳᠬᠡᠬᠦ ᠭᠤᠭᠴᠤᠭ᠎ᠠ ᠶᠢ ᠬᠦᠴᠦᠨ ᠦᠭᠡᠢ ᠪᠣᠯᠭᠠᠵᠤ᠂ ᠤᠤᠯ ᠤᠨ 45 ᠠᠵᠢᠯ ᠤᠨ | ᠡᠳᠦᠷ ᠢ 15 ᠠᠵᠢᠯ ᠤᠨ ᠡᠳᠦᠷ ᠪᠣᠯᠭᠠᠨ ᠪᠣᠭᠤᠨᠢᠰᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ | ᠰᠢᠯᠵᠢᠭᠦᠯᠦᠨ ᠦᠷᠭᠦᠯᠵᠢᠯᠡᠭᠦᠯᠬᠦ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠦᠢᠯᠡᠴᠢᠯᠡᠭᠡ ᠶᠢ ᠨᠠᠪᠲᠠᠷᠡᠭᠦᠯᠵᠦ᠂ | ᠣᠯᠠᠨ ᠲᠦᠮᠡᠨ ᠤ ᠰᠦᠯᠵᠢᠶᠡᠨ ᠳᠡᠭᠡᠷ᠎ᠡ ᠭᠤᠶᠤᠴᠢᠯᠠᠬᠤ ᠪᠠ ᠭᠦᠢᠴᠡᠳᠬᠡᠬᠦ ᠠᠬᠢᠴᠠ ᠶᠢ ᠪᠠᠶᠢᠴᠠᠭᠠᠨ ᠯᠠᠪᠯᠠᠬᠤ ᠳᠤ | ᠲᠥᠬᠦᠮ ᠦᠵᠡᠭᠦᠯᠪᠡ᠃ ᠬᠤᠶᠠᠷ ᠲᠤ᠂ ᠴᠤᠪᠤᠷᠠᠯ ᠢ ᠰᠢᠯᠢᠳᠡᠭᠵᠢᠭᠦᠯᠵᠦ᠂ ᠣᠨᠳᠣᠣ ᠭᠠᠵᠠᠷ ᠲᠤ ᠡᠮᠴᠢᠯᠡᠭᠦᠯᠬᠦ ᠪᠠᠷ | ᠳᠠᠩᠰᠠᠯᠠᠭᠤᠯᠬᠤ ᠳᠤ ᠲᠥᠬᠦᠮ ᠦᠵᠡᠭᠦᠯᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ | ᠲᠠᠪᠴᠠᠩ ᠤᠨ APP᠂ ᠤᠯᠤᠰ ᠤᠨ ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠬᠤ ᠵᠢᠵᠢᠭ ᠫᠷᠣᠭ᠍ᠷᠠᠮ ᠳᠤ | ᠲᠦᠰᠢᠭᠯᠡᠨ᠂ ᠳᠠᠭᠠᠳᠬᠠᠯ ᠳᠤ ᠣᠷᠣᠯᠴᠠᠭᠰᠠᠳ ᠤᠨ ᠰᠦᠯᠵᠢᠶᠡᠨ ᠳᠡᠭᠡᠷ᠎ᠡ ᠣᠨᠳᠣᠣ ᠭᠠᠵᠠᠷ ᠲᠤ ᠳᠠᠩᠰᠠᠯᠠᠭᠤᠯᠬᠤ ᠶᠢ | ᠭᠦᠢᠴᠡᠳᠬᠡᠬᠦ ᠳᠤ ᠲᠥᠬᠦᠮ ᠦᠵᠡᠭᠦᠯᠪᠡ︔ ᠨᠥᠬᠦᠨ ᠭᠦᠢᠴᠡᠳᠬᠡᠵᠦ ᠳᠠᠩᠰᠠᠯᠠᠭᠤᠯᠬᠤ ᠦᠢᠯᠡᠴᠢᠯᠡᠭᠡ ᠶᠢ | ᠰᠢᠯᠢᠳᠡᠭᠵᠢᠭᠦᠯᠵᠦ᠂ ᠣᠨᠳᠣᠣ ᠭᠠᠵᠠᠷ ᠲᠤ ᠡᠮᠴᠢᠯᠡᠭᠦᠯᠬᠦ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ | ᠬᠠᠷᠠᠭᠠᠯᠵᠠᠯ ᠢ ᠬᠡᠪ ᠤᠨ ᠶᠣᠰᠣᠭᠠᠷ ᠭᠥᠷᠳᠡᠬᠦ ᠶᠢ ᠪᠠᠲᠤᠯᠠᠪᠠ︔ ᠳᠠᠩᠰᠠᠯᠠᠭᠤᠯᠬᠤ ᠬᠡᠪᠴᠢᠶ᠎ᠡ ᠶᠢ ᠴᠢᠰᠤᠨ ᠳᠠᠷᠤᠯᠲᠠ | ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠡᠭᠦᠳᠡᠨ ᠡᠮᠨᠡᠯᠭᠡ ᠶᠢᠨ 5 ᠵᠦᠢᠯ ᠤᠨ ᠤᠳᠠᠭᠠᠨ ᠴᠢᠨᠠᠷᠲᠠᠢ ᠣᠨᠴᠠ | ᠡᠪᠡᠳᠴᠢᠲᠡᠨ ᠬᠦᠷᠲᠡᠯ᠎ᠡ ᠥᠷᠭᠡᠳᠬᠡᠪᠡ︔ ᠣᠨᠳᠣᠣ ᠭᠠᠵᠠᠷ ᠲᠤ ᠦᠯᠦ ᠳᠠᠩᠰᠠᠯᠠᠭᠤᠯᠤᠭᠰᠠᠨ ᠲᠦᠷᠭᠡᠨ ᠡᠮᠨᠡᠯᠭᠡ ᠳᠤ | ᠪᠠᠴᠢᠮ ᠠᠪᠤᠷᠠᠬᠤ ᠳᠠᠭᠠᠳᠬᠠᠯ ᠳᠤ ᠣᠷᠣᠯᠴᠠᠭᠰᠠᠳ ᠢ ᠳᠠᠩᠰᠠᠯᠠᠭᠤᠯᠤᠭᠰᠠᠨ ᠡᠪᠡᠳᠴᠢᠲᠡᠨ ᠲᠠᠢ ᠠᠳᠠᠯᠢ ᠪᠠᠷ | ᠦᠵᠡᠵᠦ ᠪᠣᠯᠣᠨ᠎ᠠ︔ ᠣᠷᠳᠣ ᠬᠤᠭᠤᠴᠠᠭ᠎ᠠ ᠪᠠᠷ ᠮᠤᠵᠢ ᠠᠯᠰᠤᠯᠠᠨ ᠰᠠᠭᠤᠷᠢᠰᠢᠭᠴᠢ ᠶᠢᠨ ᠳᠠᠩᠰᠠᠯᠠᠭᠤᠯᠤᠭᠰᠠᠨ | ᠭᠠᠵᠠᠷ ᠪᠠ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠬᠤᠣᠰ ᠴᠢᠭᠯᠡᠯ ᠢᠶᠠᠷ ᠬᠠᠷᠠᠭᠠᠯᠵᠠᠯ ᠭᠥᠷᠳᠡᠬᠦ ᠶᠢ | ᠵᠥᠪᠰᠢᠶᠡᠷᠡᠨ᠎ᠡ᠃ ᠭᠤᠷᠪᠠ ᠳᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠣᠯᠠᠨ ᠲᠦᠮᠡᠨ ᠤ ᠡᠮᠴᠢᠯᠡᠭᠡᠨ ᠤ | ᠪᠠᠲᠤᠯᠠᠭ᠎ᠠ ᠶᠢᠨ ᠮᠡᠳᠡᠭᠡ ᠵᠠᠩᠭᠢ ᠪᠠᠨ ᠯᠠᠪᠯᠠᠬᠤ ᠳᠤ ᠳᠥᠭᠦᠮ ᠦᠵᠡᠭᠦᠯᠪᠡ᠃ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ APP᠂ ᠰᠦᠯᠵᠢᠶᠡᠨ ᠤ ᠲᠠᠩᠬᠢᠮ ᠪᠤᠶᠤ ᠣᠷᠣᠨ ᠨᠤᠲᠤᠭ ᠤᠨ | ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠵᠡᠷᠭᠡ ᠣᠯᠠᠨ ᠵᠦᠢᠯ ᠤᠨ ᠯᠠᠪᠯᠠᠬᠤ ᠠᠷᠭ᠎ᠠ ᠵᠠᠮ ᠢ | ᠨᠡᠭᠡᠭᠡᠵᠦ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠲᠢᠩᠬᠢᠮ ᠪᠠ ᠨᠥᠬᠦᠴᠡᠯ ᠲᠠᠢ ᠪᠠᠩᠬᠢ ᠶᠢᠨ | ᠡᠵᠡᠩᠨᠡᠯᠲᠡ ᠶᠢᠨ ᠲᠣᠣᠷ ᠴᠡᠭ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠴᠡᠭ ᠲᠣᠭᠲᠠᠭᠠᠭᠰᠠᠨ | ᠡᠮᠴᠢᠯᠡᠭᠡᠨ ᠤ ᠪᠠᠶᠢᠭᠤᠯᠤᠮᠵᠢ ᠵᠡᠷᠭᠡ ᠲᠠᠯᠠᠪᠤᠷ ᠭᠠᠵᠠᠷ ᠲᠤ ᠡᠮᠴᠢᠯᠡᠭᠡᠨ ᠤ ᠳᠠᠭᠠᠳᠬᠠᠯ ᠤᠨ ᠥᠪᠡᠰᠦᠪᠡᠨ ᠦᠢᠯᠡᠴᠢᠯᠡᠬᠦ | ᠲᠣᠭᠤᠷᠢᠭ ᠭᠠᠷᠭᠠᠵᠤ᠂ ᠣᠯᠠᠨ ᠲᠦᠮᠡᠨ ᠤ ᠥᠪᠡᠷ ᠤᠨ ᠰᠦᠢᠳᠬᠡᠯ ᠲᠤᠰᠢᠶᠠᠭᠰᠠᠨ ᠲᠡᠮᠳᠡᠭᠯᠡᠯ᠂ ᠡᠮᠴᠢᠯᠡᠭᠡᠨ ᠤ | ᠳᠠᠭᠠᠳᠬᠠᠯ ᠤᠨ ᠲᠠᠩᠰᠠᠨ ᠡᠷᠦᠬᠡ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠵᠡᠷᠭᠡ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠪᠡ᠃ ᠳᠥᠷᠪᠡ ᠳᠤ᠂ ᠨᠢᠭᠡ ᠯᠡ ᠥᠷᠲᠡᠭᠡᠨ ᠳᠤ | ᠭᠦᠢᠴᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ︽ᠨᠢᠭᠡ ᠯᠡ ᠴᠣᠩᠬᠤᠪᠴᠢ ᠪᠠᠷ ᠨᠡᠶᠢᠳᠡᠮ | ᠭᠦᠢᠴᠡᠳᠬᠡᠬᠦ︾ ᠶᠢ ᠬᠡᠷᠡᠭᠵᠢᠭᠦᠯᠪᠡ᠃ ᠤᠯᠠᠮᠵᠢᠯᠠᠯᠲᠤ ᠦᠢᠯᠡᠴᠢᠯᠡᠭᠡᠨ ᠤ ᠴᠣᠩᠬᠤᠪᠴᠢ ᠶᠢᠨ ᠡᠭᠦᠷᠭᠡ ᠴᠢᠳᠠᠪᠬᠢ ᠨᠢ | ᠲᠠᠩ ᠴᠤᠯᠭᠤᠢ᠂ ᠤᠯᠠᠷᠢᠯ ᠤᠨ ᠴᠢᠨᠠᠷᠲᠠᠢ ᠠᠵᠢᠯ ᠶᠠᠪᠤᠳᠠᠯ ᠭᠦᠢᠴᠡᠳᠬᠡᠬᠦ ᠳᠤ ᠰᠢᠬᠠᠯᠳᠤᠬᠤ᠂ ᠣᠯᠠᠨ ᠲᠦᠮᠡᠨ ᠣᠯᠠᠨ | ᠭᠠᠵᠠᠷ ᠲᠤ ᠭᠦᠶᠦᠬᠦ ᠵᠡᠷᠭᠡ ᠳᠤᠲᠠᠭᠳᠠᠯ ᠲᠠᠢ ᠲᠠᠯ᠎ᠠ ᠳᠤ ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠶᠢᠨ ︽ᠶᠡᠷᠦᠩᠬᠡᠶᠢᠯᠡᠭᠰᠡᠨ ᠦᠢᠯᠡᠴᠢᠯᠡᠭᠡᠨ ᠤ ᠳᠦᠷᠢᠮ︾ ᠢ ᠠᠬᠢᠭᠤᠯᠵᠤ᠂ | ᠴᠣᠩᠬᠤᠪᠴᠢ ᠳᠤ ᠳᠠᠭᠠᠳᠬᠠᠯ ᠤᠨ ᠲᠥᠷᠥᠯ ᠵᠦᠢᠯ ᠢᠯᠭᠠᠬᠤ ᠦᠭᠡᠢ᠂ ᠤᠴᠢᠷ ᠶᠠᠪᠤᠳᠠᠯ ᠢᠯᠭᠠᠬᠤ ᠦᠭᠡᠢ᠂ ᠨᠢᠭᠡ | ᠴᠣᠩᠬᠤᠪᠴᠢ ᠪᠠᠷ ᠰᠢᠢᠳᠪᠦᠷᠢᠯᠡᠬᠦ᠂ ᠨᠢᠭᠡ ᠥᠷᠲᠡᠭᠡᠨ ᠤ ᠮᠠᠶ᠋ᠢᠭ ᠢᠶᠠᠷ ᠦᠢᠯᠡᠴᠢᠯᠡᠬᠦ ᠶᠢ ᠭᠦᠢᠴᠡᠳᠬᠡᠵᠦ᠂ ᠠᠷᠤ | ᠲᠠᠪᠴᠠᠩ ᠳᠤ ᠬᠤᠪᠢᠶᠠᠨ ᠭᠦᠢᠴᠡᠳᠬᠡᠵᠦ ᠬᠤᠯᠪᠤᠭᠠᠯᠠᠨ ᠭᠦᠢᠴᠡᠳᠬᠡᠵᠦ ᠲᠦᠷᠭᠡᠨ ᠭᠦᠢᠴᠡᠳᠬᠡᠬᠦ ᠶᠢ ᠠᠬᠢᠭᠤᠯᠪᠠ᠃ | ᠲᠠᠪᠤ ᠳᠤ᠂ ᠭᠦᠶᠦᠯᠭᠡᠬᠦ ᠶᠢ ᠪᠠᠭᠠᠰᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ︽ᠰᠦᠯᠵᠢᠶᠡᠨ ᠳᠡᠭᠡᠷ᠎ᠡ | ᠭᠦᠢᠴᠡᠳᠬᠡᠬᠦ︾ ᠶᠢ ᠠᠬᠢᠭᠤᠯᠪᠠ᠃ ᠭᠠᠷᠲᠠᠨ ᠭᠦᠢᠴᠡᠳᠬᠡᠬᠦ ᠶᠢ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ ︽ᠬᠤᠪᠢ ᠬᠥᠮᠥᠨ ᠤ ᠰᠦᠯᠵᠢᠶᠡᠨ | ᠲᠠᠩᠬᠢᠮ︾ ︽ᠨᠢᠭᠡᠴᠢ ᠶᠢᠨ ᠰᠦᠯᠵᠢᠶᠡᠨ ᠲᠢᠩᠬᠢᠮ︾ ᠳᠤ ᠲᠦᠰᠢᠭᠯᠡᠨ᠂ ᠳᠠᠭᠠᠳᠬᠠᠯ ᠳᠤ ᠣᠷᠣᠯᠴᠠᠭᠰᠠᠨ ᠢ ᠯᠠᠪᠯᠠᠬᠤ᠂ | ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠬᠤ ᠵᠡᠷᠭᠡ ᠥᠨᠳᠥᠷ ᠳᠠᠪᠲᠠᠮᠵᠢᠲᠤ ᠵᠦᠢᠯᠡᠰ ᠢ | ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠪᠡᠶᠡᠯᠡᠭᠦᠯᠵᠦ᠂ ︽ᠣᠯᠠᠨ ᠲᠦᠮᠡᠨ ᠢ ᠭᠦᠶᠦᠯᠭᠡᠬᠦ︾ ᠠᠴᠠ ︽ᠲᠤᠭ᠎ᠠ | ᠪᠠᠷᠢᠮᠲᠠ ᠶᠢ ᠭᠦᠶᠦᠯᠭᠡᠬᠦ︾ ᠪᠣᠯᠭᠠᠨ ᠬᠤᠪᠢᠷᠠᠭᠤᠯᠪᠠ᠃ ᠳ᠋ᠠᠶᠢᠲ᠋ᠠ ᠳᠤ ᠬᠦᠴᠦᠨ ᠣᠯᠭᠤᠬᠤ ᠳᠤ ᠲᠦᠰᠢᠭᠯᠡᠨ᠂ | ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠪᠠᠷᠢᠮᠲᠠ ᠶᠢ ᠪᠥᠬᠦ ᠴᠤᠪᠤᠷᠠᠯ ᠳᠤ ᠬᠡᠷᠡᠭᠯᠡᠬᠦ ᠶᠢ ᠠᠬᠢᠭᠤᠯᠤᠨ᠂ ᠣᠯᠠᠨ | ᠲᠦᠮᠡᠨ ᠤ ︽ᠺᠣᠳ᠋︾ ᠢᠶᠠᠷ ᠡᠪᠡᠳᠴᠢᠨ ᠦᠵᠡᠭᠦᠯᠵᠦ ᠡᠮ ᠵᠠᠯᠠᠬᠤ ᠳᠤ ᠲᠥᠬᠦᠮ ᠦᠵᠡᠭᠦᠯᠪᠡ᠃ | ᠭᠤᠷᠪᠠ᠂ ︽ᠮᠡᠳᠡᠭᠳᠡᠯ︾ ᠢ ᠰᠠᠶᠢᠲᠤᠷ ᠨᠠᠶᠢᠳᠠᠪᠤᠷᠢᠵᠢᠭᠤᠯᠤᠨ᠎ᠠ | ᠲᠠᠷᠠᠭᠠᠴᠢ ᠶᠢᠨ ᠠᠯᠬᠤᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ | ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ | ᠪᠦᠲᠦᠮᠵᠢᠲᠡᠢ ᠳᠡᠭᠡᠭᠰᠢᠯᠡᠭᠦᠯᠦᠨ᠎ᠡ᠃ ᠨᠢᠭᠡ ᠳᠤ᠂ ᠬᠢᠨᠠᠮᠠᠭᠠᠢ ᠮᠥᠷᠳᠡᠵᠦ᠂ ᠶᠡᠷᠦᠩᠬᠡᠶᠢᠯᠡᠨ ᠬᠦᠴᠦᠯᠡᠵᠦ᠂ ᠠᠷᠠᠳ ᠲᠤ | ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ 2023 ᠣᠨ ᠤ ᠡᠮᠴᠢᠯᠡᠭᠡᠨ ᠤ | ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠢᠷᠤᠮᠵᠢᠭᠰᠠᠨ ᠪᠠᠶᠢᠭᠤᠯᠤᠯᠲᠠ ᠶᠢᠨ ᠠᠭᠤᠯᠭ᠎ᠠ ᠳᠤ | ᠣᠷᠣᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ | ᠦᠨᠡᠯᠡᠨ ᠵᠢᠱᠢᠬᠦ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ | ᠦᠵᠡᠭᠦᠯᠬᠦ ᠠᠩᠬᠠᠳᠠᠭᠴᠢ ᠪᠦᠯᠦᠭ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠡᠯ᠎ᠡ ᠭᠠᠵᠠᠷ ᠲᠤ | ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠡᠯ᠎ᠡ | ᠭᠠᠵᠠᠷ ᠠᠴᠠ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠨᠡᠶᠢᠲᠡᠯᠢᠭ | ᠠᠷᠭ᠎ᠠ ᠬᠢᠳᠡᠯ ᠪᠠ ᠲᠤᠷᠰᠢᠯᠭ᠎ᠠ ᠶᠢ ᠴᠤᠭᠯᠠᠭᠤᠯᠵᠤ᠂ ᠡᠯ᠎ᠡ ᠭᠠᠵᠠᠷ ᠤᠨ ᠣᠨᠴᠠᠯᠢᠭᠲᠤ ᠠᠷᠭ᠎ᠠ ᠬᠢᠳᠡᠯ᠂ ᠲᠤᠷᠰᠢᠯᠭ᠎ᠠ | ᠦᠷ᠎ᠡ ᠪᠦᠲᠦᠮᠵᠢ ᠶᠢ ᠳ᠋ᠦᠩᠨᠡᠵᠦ᠂ ᠪᠥᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠦᠨ᠎ᠡ᠃ ᠭᠤᠷᠪᠠ ᠳᠤ᠂ ᠦᠨᠳᠦᠰᠦᠨ | ᠱᠠᠲᠤᠨ ᠤ ᠪᠠᠶᠢᠴᠠᠭᠠᠨ ᠰᠤᠳᠤᠯᠤᠯᠲᠠ ᠪᠠ ᠰᠦᠯᠵᠢᠶᠡᠨ ᠤ ᠢᠷᠭᠡᠳ ᠤᠨ ᠰᠠᠨᠠᠭᠤᠯᠭ᠎ᠠ ᠶᠢ ᠦᠨᠳᠦᠰᠦᠯᠡᠨ | ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠢᠴᠢᠯ ᠥᠭᠡᠷᠡᠴᠢᠯᠡᠯᠲᠡ ᠪᠢᠴᠢᠯ | ᠰᠢᠨᠡᠴᠢᠯᠡᠯᠲᠡ ᠬᠢᠬᠦ ᠨᠢᠭᠡ ᠪᠦᠯᠦᠭ ᠲᠤᠷᠰᠢᠯᠲᠠ ᠶᠢ ᠥᠷᠨᠢᠭᠦᠯᠵᠦ᠂ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ | ᠡᠭᠦᠳᠴᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ | ᠦᠷᠭᠦᠯᠵᠢᠯᠡᠨ ᠬᠡᠷᠡᠭᠵᠢᠭᠦᠯᠦᠨ᠎ᠡ᠃ |