ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2023/6/26
     6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠫᠠᠶᠢᠰᠠ ᠰᠡᠬᠦᠬᠦ ᠶᠣᠰᠣᠯᠠᠯ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠳᠤ ᠶᠠᠪᠤᠭᠳᠠᠪᠠ᠃      ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠥᠷᠨᠢᠭᠦᠯᠬᠦ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠳᠤᠮᠳᠠᠳᠤ ᠤᠯᠤᠰ ᠤᠨ ᠪᠤᠳᠠᠭᠠᠨ ᠠᠶᠠᠭ᠎ᠠ ᠪᠠᠨ ᠪᠠᠬᠢᠵᠢᠭᠦᠯᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ ᠣᠶᠢᠷ᠎ᠠ ᠶᠢᠨ ᠵᠢᠯ ᠤᠨ ᠲᠤᠷᠰᠢ᠂ ᠪᠠᠶᠠᠨᠨᠠᠭᠤᠷ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ︽ᠨᠢᠭᠡᠳᠦᠭᠡᠷ ᠢᠨᠵᠧᠨᠧᠷᠢᠩ︾ ᠪᠤᠯᠭᠠᠵᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠶᠢᠲᠡ 20.3 ᠲᠦᠮᠡᠨ ᠮᠦ ᠬᠤᠵᠢᠷᠯᠢᠭ ᠭᠠᠵᠠᠷ ᠢ ᠰᠠᠶᠢᠵᠢᠷᠠᠭᠤᠯᠪᠠ᠃ ᠲᠣᠰ ᠬᠤᠲᠠ ᠶᠢᠨ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠠᠭᠪᠤᠷ ᠨᠢ ︽ᠳᠤᠮᠳᠠᠳᠤ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠰᠢᠨ᠎ᠡ ᠶᠢ ᠡᠭᠦᠳᠬᠦ ᠵᠢᠭᠰᠠᠭᠠᠯᠲᠠ︾ ᠳᠤ ᠣᠷᠣᠵᠤ᠂ ᠡᠭᠦᠨ ᠳᠤ  ᠦᠶᠤᠸᠠᠨ ᠰᠢᠶᠠᠨ ᠤ 5 ᠲᠦᠮᠡᠨ ᠮᠦ ᠲᠤᠷᠰᠢᠯᠲᠠ ᠶᠢᠨ ᠵᠢᠱᠢᠶ᠎ᠡ ᠦᠵᠡᠭᠦᠯᠭᠦ ᠲᠥᠷᠥᠯ ᠵᠦᠢᠯ ᠨᠢ ᠪᠦᠭᠦ ᠤᠯᠤᠰ ᠤᠨ ᠥᠯᠢᠭᠡᠷ ᠳᠠᠭᠤᠷᠢᠶᠠᠯ ᠣᠷᠣᠨ ᠪᠣᠯᠪᠠ᠃
     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠬᠤ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠰᠤᠳᠤᠯᠭᠠᠨ ᠤ ᠬᠦᠷᠢᠶᠡᠯᠡᠩ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠬᠤᠵᠢᠷ ᠲᠤ ᠳᠠᠭᠠᠭᠠᠮᠠᠭᠠᠢ ᠲᠠᠷᠢᠮᠠᠯ ᠤᠨ ᠡᠭᠦᠯᠳᠡᠷ ᠢ ᠪᠣᠶᠢᠵᠢᠭᠤᠯᠬᠤ᠂ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠪᠠ ᠠᠮᠢ ᠠᠬᠤᠶᠢᠵᠢᠭᠤᠯᠤᠨ ᠠᠰᠢᠭᠯᠠᠬᠤ ᠭᠤᠷᠪᠠᠨ ᠶᠡᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠥᠷᠨᠢᠭᠦᠯᠵᠦ᠂ ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠢ  ᠬᠥᠭᠵᠢᠭᠦᠯᠬᠦ ᠪᠠᠷ ᠬᠠᠷᠠᠯᠲᠠ ᠪᠤᠯᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠬᠢᠭᠡᠳ ᠨᠤᠷᠠᠭᠠᠯᠲᠠ ᠶᠢᠨ ᠮᠠᠶ᠋ᠢᠭ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠶᠢᠵᠢᠭᠤᠯᠬᠤ ᠪᠠᠷ ᠭᠤᠣᠯ ᠰᠢᠵᠢᠮ ᠪᠤᠯᠭᠠᠵᠤ᠂ ᠮᠡᠷᠭᠡᠵᠢᠯ ᠤᠨ ᠪᠡᠷᠬᠡ ᠰᠡᠳᠦᠪ ᠢ ᠬᠠᠮᠲᠤᠷᠠᠨ ᠰᠢᠢᠳᠪᠦᠷᠢᠯᠡᠵᠦ᠂ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠢᠨ᠎ᠡ ᠶᠢ ᠡᠭᠦᠳᠬᠦ ᠰᠢᠰᠲ᠋ᠧᠮ ᠢ ᠬᠠᠮᠲᠤ ᠪᠠᠷ ᠪᠠᠶᠢᠭᠤᠯᠵᠤ᠂ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠤᠨ᠂ ᠥᠪᠥᠷ ᠮᠣᠩᠭᠤᠯ ᠤᠨ ᠬᠤᠵᠢᠷᠯᠢᠭ ᠭᠠᠵᠠᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠠᠯ᠎ᠠ ᠪᠠᠷ ᠬᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪ᠊ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠵᠢᠷᠯᠢᠭ ᠭᠠᠵᠠᠷ ᠤᠨ ᠦᠢᠯᠡᠳᠬᠦᠨ ᠤ ᠨᠠᠷᠠᠲᠤ ᠲᠥᠷᠥᠯ ᠲᠡᠮᠳᠡᠭ ᠢ ᠪᠤᠶ ᠪᠤᠯᠭᠠᠵᠤ᠂ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃      ︽ᠰᠤᠳᠤᠯᠭᠠᠨ ᠤ ᠬᠦᠷᠢᠶᠡᠯᠡᠩ ᠨᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠬᠠᠨᠳᠤᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠬᠥᠳᠡᠯᠭᠡᠭᠦᠷ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠰᠠᠭᠤᠳᠠᠯ ᠤᠨ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ᠂ ᠬᠤᠵᠢᠷᠯᠢᠭ ᠭᠠᠵᠠᠷ ᠤᠨ ᠦᠢᠯᠡᠳᠪᠦᠷᠢᠯᠡᠬᠦ ᠴᠢᠳᠠᠪᠤᠷᠢ ᠶᠢ ᠥᠷᠭᠡᠳᠬᠡᠬᠦ ᠪᠠ ᠠᠮᠢ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠭᠦ ᠣᠨᠣᠯ ᠪᠠ ᠮᠡᠷᠭᠡᠵᠢᠯ ᠤᠨ ᠵᠠᠭᠪᠤᠷ ᠢ ᠰᠢᠪᠲᠤᠯᠵᠤ᠂ ᠮᠠᠨ ᠤ ᠤᠯᠤᠰ ᠤᠨ ᠬᠤᠵᠢᠷᠯᠢᠭ ᠭᠠᠵᠠᠷ ᠤᠨ ᠣᠲᠣ ᠦᠶ᠎ᠡ ᠶᠢᠨ ᠲᠠᠷᠢᠶᠠᠯᠠᠩ ᠤᠨ ᠰᠢᠨ᠎ᠡ ᠶᠢ ᠡᠭᠦᠳᠬᠦ ᠴᠢᠳᠠᠪᠤᠷᠢ ᠪᠠ ᠭᠤᠣᠯᠯᠠᠬᠤ ᠥᠷᠢᠰᠦᠯᠳᠦᠬᠦ ᠬᠦᠴᠦᠨ ᠢ ᠶᠡᠭᠡ ᠪᠠᠷ ᠳᠡᠭᠡᠭᠰᠢᠯᠡᠭᠦᠯᠵᠦ᠂ ᠬᠤᠵᠢᠷᠯᠢᠭ ᠭᠠᠵᠠᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠬᠤᠪᠢᠷᠠᠭᠤᠯᠬᠤ᠂ ᠠᠵᠤ ᠦᠢᠯᠡᠰ ᠢ ᠪᠣᠶᠢᠵᠢᠭᠤᠯᠬᠤ ᠵᠡᠷᠭᠡ ᠳᠤ ᠪᠦᠭᠦ ᠲᠠᠯ᠎ᠠ ᠶᠢᠨ᠂ ᠣᠯᠠᠨ ᠡᠰᠢᠵᠢᠭᠰᠡᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡ ᠪᠠ ᠰᠢᠰᠲ᠋ᠧᠮᠵᠢᠭᠰᠡᠨ ᠰᠢᠢᠳᠪᠦᠷᠢᠯᠡᠬᠦ ᠲᠥᠰᠥᠯ ᠬᠠᠩᠭᠠᠵᠤ᠂ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠮᠠᠨ ᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠳᠤ ᠯᠠᠪᠯᠠᠯᠲᠠ ᠬᠠᠩᠭᠠᠬᠤ ᠪᠣᠯᠣᠨ᠎ᠠ︾ ᠭᠡᠵᠦ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠴᠢᠦᠢ ᠵᠥᠩ ᠢ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号