ᠠᠮᠢᠲᠠᠨ ᠤ ᠲᠤᠷᠰᠢᠯᠲᠠ ᠳᠤ ᠢᠯᠡᠷᠡᠭᠦᠯᠦᠭᠰᠡᠨ ᠢᠶᠠᠷ ᠠᠰᠢᠭᠲᠤ ᠪᠠᠺᠲ᠋ᠧᠷᠢ ᠨᠢ ᠨᠢᠳᠦ ᠬᠠᠭᠤᠷᠠᠶᠢᠳᠠᠬᠤ ᠡᠪᠡᠳᠴᠢᠨ ᠢ ᠨᠠᠮᠳᠠᠭᠤᠯᠤᠨ᠎ᠠ
ᠨᠡᠶᠢᠲᠡᠯᠡᠭᠰᠡᠨ ᠴᠠᠭ᠄
2023/6/26
     ᠬᠥᠮᠥᠰ ᠤᠨ ᠠᠮᠢᠳᠤᠷᠠᠯ ᠤᠨ ᠳᠠᠳᠬᠠᠯ ᠪᠠ ᠣᠷᠴᠢᠨ ᠲᠣᠭᠤᠷᠢᠨ ᠤ ᠬᠤᠪᠢᠷᠠᠯᠲᠠ ᠶᠢ ᠳᠠᠭᠠᠯᠳᠤᠨ᠂ ᠨᠢᠳᠦ ᠬᠠᠭᠤᠷᠠᠶᠢᠳᠠᠬᠤ ᠡᠪᠡᠳᠴᠢᠲᠡᠨ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠠᠮᠧᠷᠢᠺᠠ ᠶᠢᠨ ᠰᠤᠳᠤᠯᠭᠠᠲᠠᠳ ᠠᠮᠢᠲᠠᠨ ᠳᠤ ᠲᠤᠷᠰᠢᠯᠲᠠ ᠬᠢᠬᠦ ᠳᠤᠮᠳᠠ᠂ ᠨᠢᠭᠡ ᠵᠦᠢᠯ ᠤᠨ ᠦᠷᠭᠦᠯᠵᠢ ᠲᠣᠬᠢᠶᠠᠯᠳᠤᠳᠠᠭ ᠠᠰᠢᠭᠲᠤ ᠪᠠᠺᠲ᠋ᠧᠷᠢ ᠶᠢ ᠤᠤᠭᠤᠪᠠᠯ ᠨᠢᠳᠦ ᠬᠠᠭᠤᠷᠠᠶᠢᠳᠠᠬᠤ ᠡᠪᠡᠳᠴᠢᠨ ᠢ ᠰᠠᠶᠢᠵᠢᠷᠠᠭᠤᠯᠵᠤ ᠴᠢᠳᠠᠨ᠎ᠠ ᠭᠡᠳᠡᠭ ᠢ ᠢᠯᠡᠷᠡᠭᠦᠯᠵᠡᠢ᠃ ᠲᠣᠰ ᠰᠠᠷ᠎ᠠ ᠶᠢᠨ 15 ᠠᠴᠠ 19 ᠤ ᠡᠳᠦᠷ ᠪᠤᠯᠲᠠᠯ᠎ᠠ ᠶᠠᠪᠤᠭᠳᠠᠭᠰᠠᠨ 2023 ᠣᠨ ᠤ ᠠᠮᠧᠷᠢᠺᠠ ᠶᠢᠨ ᠮᠢᠺᠷᠣᠪ ᠤᠨ ᠨᠡᠶᠢᠭᠡᠮᠯᠢᠭ ᠤᠨ ᠣᠨ ᠤ ᠬᠤᠷᠠᠯ ᠳᠡᠭᠡᠷ᠎ᠡ ᠬᠠᠮᠢᠶ᠎ᠠ ᠪᠦᠬᠦᠢ ᠰᠤᠳᠤᠯᠭᠠᠨ ᠢ ᠲᠠᠨᠢᠯᠴᠠᠭᠤᠯᠪᠠ᠃      ᠰᠤᠳᠤᠯᠭᠠᠨ ᠤ ᠥᠭᠦᠯᠡᠯ ᠤᠨ ᠵᠣᠬᠢᠶᠠᠭᠴᠢ ᠶᠢᠨ ᠨᠢᠭᠡ ᠪᠤᠯᠬᠤ ᠪᠸᠢᠢᠯᠧ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠳ᠋ᠣᠺᠲ᠋ᠣᠷ ᠯᠤᠤᠷᠠ·ᠱᠤᠹᠧᠷ᠄ ︽ᠬᠥᠮᠥᠨ ᠲᠥᠷᠥᠯᠬᠢᠲᠡᠨ ᠤ ᠬᠤᠳᠣᠭᠤᠳᠤ ᠭᠡᠳᠡᠰᠦᠨ ᠳᠤ ᠠᠮᠢᠳᠤᠷᠠᠵᠤ ᠪᠠᠶᠢᠭ᠎ᠠ ︿ᠨᠥᠭᠦᠷᠰᠡᠭ﹀  ᠪᠠᠺᠲ᠋ᠧᠷᠢ ᠨᠢ ᠭᠡᠳᠡᠰᠦ᠂ ᠶᠡᠭᠡ ᠲᠠᠷᠢᠬᠢ ᠪᠠ ᠠᠭᠤᠰᠬᠢ ᠵᠡᠷᠭᠡ ᠮᠠᠰᠢ ᠣᠯᠠᠨ ᠪᠡᠶ᠎ᠡ ᠶᠢᠨ ᠡᠷᠬᠡᠲᠡᠨ ᠤ ᠡᠷᠡᠭᠦᠯ ᠮᠡᠨᠳᠦ ᠵᠢᠴᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠲᠠᠢ ᠬᠤᠯᠪᠤᠭ᠎ᠠ ᠲᠠᠢ ᠪᠠᠶᠢᠳᠠᠭ᠃ ᠡᠶᠢᠮᠦ ᠠᠴᠠ ᠭᠡᠳᠡᠰᠦᠨ ᠤ ᠮᠢᠺᠷᠣᠪ ᠨᠢ ᠮᠠᠨ ᠤ ᠨᠢᠳᠦᠨ ᠳᠤ ᠪᠠᠰᠠ ᠨᠥᠯᠥᠭᠡ ᠦᠵᠡᠭᠦᠯᠭᠦ ᠨᠢ ᠲᠡᠶᠢᠮᠦ ᠰᠣᠨᠢᠷᠬᠠᠯᠲᠠᠢ ᠶᠠᠪᠤᠳᠠᠯ ᠪᠢᠰᠢ︾ ᠭᠡᠪᠡ᠃      ᠠᠮᠧᠷᠢᠺᠠ ᠶᠢᠨ ᠮᠢᠺᠷᠣᠪ ᠤᠨ ᠰᠤᠳᠤᠯᠭᠠᠨ ᠤ ᠨᠡᠶᠢᠭᠡᠮᠯᠢᠭ ᠤᠨ 18 ᠤ ᠡᠳᠦᠷ ᠨᠡᠶᠢᠲᠡᠯᠡᠭᠰᠡᠨ ᠰᠣᠨᠢᠨ ᠮᠡᠳᠡᠭᠡᠨ ᠤ ᠡᠬᠡ ᠪᠢᠴᠢᠭ ᠲᠤ᠂ ᠱᠤᠹᠧᠷ ᠤᠨ ᠰᠤᠳᠤᠯᠭᠠᠨ ᠤ ᠪᠦᠯᠭᠦᠮ ᠲᠣᠰ ᠲᠣᠰ ᠬᠠᠭᠤᠷᠠᠶᠢᠳᠠᠬᠤ ᠬᠠᠮ ᠡᠪᠡᠳᠴᠢᠨ ᠣᠯᠣᠭᠰᠠᠨ ᠪᠥᠭᠡᠳ ᠬᠦᠨᠳᠦ ᠨᠣᠴᠢᠲᠠᠢ ᠨᠢᠳᠦ ᠬᠠᠭᠤᠷᠠᠶᠢᠳᠠᠬᠤ ᠡᠪᠡᠳᠴᠢᠲᠡᠨ ᠪᠠ ᠡᠷᠡᠭᠦᠯ ᠮᠡᠨᠳᠦ ᠶᠢᠨ ᠰᠠᠶᠢᠨ ᠳᠤᠷᠠᠴᠤᠳ ᠤᠨ ᠪᠡᠶ᠎ᠡ ᠠᠴᠠ ᠭᠡᠳᠡᠰᠦᠨ ᠤ ᠪᠠᠺᠲ᠋ᠧᠷᠢ ᠶᠢ ᠭᠠᠷᠭᠠᠨ ᠠᠪᠴᠤ᠂ ᠬᠤᠯᠤᠭᠠᠨ᠎ᠠ ᠳᠤ ︽ᠰᠢᠯᠵᠢᠭᠦᠯᠦᠨ ᠠᠮᠢᠳᠤᠷᠠᠭᠤᠯᠤᠭᠰᠠᠨ︾ ᠪᠠᠶᠢᠨ᠎ᠠ᠃ ᠦᠷ᠎ᠡ ᠳ᠋ᠦᠩ ᠠᠴᠠ ᠨᠢ ᠦᠵᠡᠪᠡᠯ᠂ ᠬᠠᠭᠤᠷᠠᠢ ᠣᠷᠴᠢᠨ ᠲᠣᠭᠤᠷᠢᠨ ᠳᠤ᠂ ᠡᠷᠡᠭᠦᠯ ᠬᠥᠮᠥᠨ ᠤ ᠭᠡᠳᠡᠰᠦᠨ ᠤ ᠪᠠᠺᠲ᠋ᠧᠷᠢ ᠶᠢ ᠭᠥᠷᠳᠡᠭᠰᠡᠨ ᠬᠤᠯᠤᠭᠠᠨ᠎ᠠ ᠲᠠᠢ ᠬᠠᠷᠢᠴᠠᠭᠤᠯᠪᠠᠯ᠂ ᠨᠢᠳᠦ ᠬᠠᠭᠤᠷᠠᠶᠢᠳᠠᠬᠤ ᠡᠪᠡᠳᠴᠢᠲᠡᠨ ᠤ ᠭᠡᠳᠡᠰᠦᠨ ᠤ ᠪᠠᠺᠲ᠋ᠧᠷᠢ ᠶᠢ ᠭᠥᠷᠳᠡᠭᠰᠡᠨ ᠬᠤᠯᠤᠭᠠᠨ᠎ᠠ ᠳᠤ ᠨᠠᠩ ᠬᠦᠨᠳᠦ ᠨᠣᠴᠢᠲᠠᠢ ᠨᠢᠳᠦᠨ ᠤ ᠡᠪᠡᠳᠴᠢᠨ ᠢᠯᠡᠷᠡᠪᠡ ᠭᠡᠵᠡᠢ᠃      ᠰᠤᠳᠤᠯᠭᠠᠲᠠᠳ ᠤᠨ ᠦᠵᠡᠬᠦ ᠪᠠᠷ᠂ ᠡᠷᠡᠭᠦᠯ ᠬᠥᠮᠥᠨ ᠤ ᠭᠡᠳᠡᠰᠦᠨ ᠤ ᠪᠠᠺᠲ᠋ᠧᠷᠢ ᠨᠢ ᠬᠠᠭᠤᠷᠠᠢ ᠨᠥᠬᠦᠴᠡᠯ ᠳᠣᠣᠷ᠎ᠠ ᠨᠢᠳᠦᠨ ᠤ ᠥᠩᠭᠡᠨ ᠲᠠᠯ᠎ᠠ ᠶᠢ ᠬᠠᠮᠠᠭᠠᠯᠠᠬᠤ ᠳᠤ ᠠᠰᠢᠭᠲᠠᠢ ᠪᠠᠶᠢᠳᠠᠭ᠂ ᠡᠶᠢᠮᠦ ᠠᠴᠠ ᠡᠶᠢᠮᠦᠷᠬᠦᠦ ᠬᠠᠮᠠᠭᠠᠯᠠᠬᠤ ᠦᠢᠯᠡᠳᠦᠯ ᠲᠠᠢ ᠠᠰᠢᠭᠲᠤ ᠪᠠᠺᠲ᠋ᠧᠷᠢ ᠪᠠᠷ ᠨᠢᠳᠦ ᠬᠠᠭᠤᠷᠠᠶᠢᠳᠠᠬᠤ ᠡᠪᠡᠳᠴᠢᠨ ᠢ ᠵᠠᠰᠠᠬᠤ ᠶᠢ ᠪᠣᠳᠣᠯᠬᠢᠯᠠᠵᠠᠢ᠃      ᠲᠡᠳᠡ ᠤᠷᠢᠳ ᠢᠶᠠᠷ ᠨᠢᠳᠦ ᠬᠠᠭᠤᠷᠠᠶᠢᠳᠠᠬᠤ ᠡᠪᠡᠳᠴᠢᠨ ᠲᠠᠢ ᠬᠤᠯᠤᠭᠠᠨ᠎ᠠ ᠳᠤ ᠨᠢᠶᠠᠨ ᠳᠠᠷᠤᠭᠴᠢ ᠬᠡᠷᠡᠭᠯᠡᠵᠦ᠂ ᠭᠡᠳᠡᠰᠦᠨ ᠤ ᠳᠣᠲᠣᠷᠠᠬᠢ ᠶᠡᠭᠡ ᠬᠡᠮᠵᠢᠶᠡᠨ ᠤ ᠠᠰᠢᠭᠲᠤ ᠪᠠᠺᠲ᠋ᠧᠷᠢ ᠶᠢ ᠨᠢ ᠠᠯᠠᠵᠤ᠂ ᠳᠠᠷᠠᠭ᠎ᠠ ᠨᠢ ᠳᠡᠳᠡᠨ ᠢ ᠲᠤᠶᠢᠯ ᠤᠨ ᠬᠠᠭᠤᠷᠠᠢ ᠣᠷᠴᠢᠨ ᠲᠣᠭᠤᠷᠢᠨ ᠳᠤ ᠲᠠᠯᠪᠢᠵᠤ᠂ ᠡᠳᠦᠷ ᠪᠦᠷᠢ ᠨᠢᠭᠡ ᠵᠦᠢᠯ ᠤᠨ ᠰᠦᠨ ᠰᠠᠪᠬᠠᠨᠴᠢᠷ ᠪᠠᠺᠲ᠋ᠧᠷᠢ ᠭᠡᠬᠦ ᠠᠰᠢᠭᠲᠤ ᠪᠠᠺᠲ᠋ᠧᠷᠢ ᠪᠤᠶᠤ ᠹᠢᠽᠢᠣᠯᠣᠭᠢ ᠶᠢᠨ ᠳᠠᠪᠤᠰᠤᠲᠤ ᠤᠰᠤ ᠪᠠᠷ ᠲᠡᠵᠢᠭᠡᠪᠡ᠃ ᠥᠩᠭᠡᠷᠡᠭᠰᠡᠨ ᠤ ᠲᠤᠷᠰᠢᠯᠲᠠ ᠳᠤ ᠭᠡᠷᠡᠴᠢᠯᠡᠭᠰᠡᠨ ᠢᠶᠠᠷ᠂ ᠡᠨᠡ ᠬᠦ ᠰᠦᠨ ᠰᠠᠪᠬᠠᠨᠴᠢᠷ ᠪᠠᠺᠲ᠋ᠧᠷᠢ ᠨᠢ ᠬᠥᠮᠥᠨ ᠲᠥᠷᠥᠯᠬᠢᠲᠡᠨ ᠪᠣᠯᠣᠨ ᠬᠤᠯᠤᠭᠠᠨ᠎ᠠ ᠶᠢᠨ ᠭᠡᠳᠡᠰᠦ ᠵᠢᠴᠢ ᠦᠯᠦ ᠬᠠᠯᠳᠠᠭᠠᠬᠤ ᠰᠢᠰᠲ᠋ᠧᠮ ᠳᠤ ᠬᠠᠮᠠᠭᠠᠯᠠᠬᠤ ᠦᠢᠯᠡᠳᠦᠯ ᠲᠠᠢ᠃      5 ᠡᠳᠦᠷ ᠤᠨ ᠳᠠᠷᠠᠭ᠎ᠠ᠂ ᠬᠤᠯᠤᠭᠠᠨ᠎ᠠ ᠶᠢᠨ ᠨᠢᠳᠦᠨ ᠳᠤ  ᠪᠠᠶᠢᠴᠠᠭᠠᠯᠲᠠ ᠬᠢᠭᠰᠡᠨ ᠳᠤ᠂ ᠠᠰᠢᠭᠲᠤ ᠪᠠᠺᠲ᠋ᠧᠷᠢ  ᠪᠠᠷ ᠲᠡᠵᠢᠭᠡᠭᠰᠡᠨ ᠬᠤᠯᠤᠭᠠᠨ᠎ᠠ ᠶᠢᠨ ᠡᠪᠡᠷᠯᠢᠭ ᠪᠦᠷᠬᠦᠪᠴᠢ ᠶᠢᠨ ᠭᠠᠳᠠᠷᠭᠤ ᠨᠢ ᠨᠠᠩ ᠡᠷᠡᠭᠦᠯ᠂ ᠨᠡᠩ ᠪᠦᠷᠢᠨ ᠪᠦᠲᠦᠨ ᠪᠠᠶᠢᠵᠠᠢ᠃ ᠳᠡᠭᠡᠷᠡᠬᠢ ᠰᠤᠳᠤᠯᠭᠠᠨ ᠢ ᠬᠤᠷᠢᠶᠠᠩᠭᠤᠶᠢᠯᠠᠪᠠᠯ᠂ ᠰᠤᠳᠤᠯᠭᠠᠲᠠᠳ ᠤᠨ ᠦᠵᠡᠬᠦ ᠪᠠᠷ᠂ ᠲᠣᠬᠢᠷᠠᠮᠵᠢᠲᠠᠢ ᠠᠰᠢᠭᠲᠤ ᠪᠠᠺᠲ᠋ᠧᠷᠢ ᠶᠢ ᠤᠤᠭᠤᠪᠠᠯ ᠨᠢᠳᠦ ᠬᠠᠭᠤᠷᠠᠶᠢᠳᠠᠬᠤ ᠡᠪᠡᠳᠴᠢᠨ ᠢ ᠨᠠᠮᠳᠠᠭᠤᠯᠬᠤ ᠳᠤ ᠲᠤᠰᠠᠲᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号