2023 ᠣᠨ ᠤ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠤᠯᠤᠰ ᠤᠨ ᠨᠢᠭᠡᠳᠦᠯᠲᠡᠶ ᠰᠢᠯᠭᠠᠯᠲᠠ ᠶᠢᠨ | ᠬᠤᠪᠢ ᠶᠢᠨ ᠪᠠᠷᠢᠮᠵᠢᠶ᠎ᠠ ᠶᠢ 6 ᠳ᠋ᠤᠭᠠᠷ ᠰᠠᠷ᠎ᠠ ᠶᠢᠨ 23 ᠤ ᠡᠳᠦᠷ ᠠᠴᠠ ᠡᠬᠢᠯᠡᠨ ᠨᠡᠶᠢᠲᠡᠯᠡᠵᠡᠢ᠃ | ᠤᠳᠦ ᠪᠣᠯᠲᠠᠯ᠎ᠠ ᠬᠠᠷᠠᠮᠥ᠋ᠷᠡᠨ᠂ ᠠᠨᠾᠦ᠋ᠢ᠂ ᠭᠤᠸᠠᠩᠰᠢ᠂ ᠭᠦᠢᠵᠧᠦ᠂ ᠱᠠᠨᠰᠢ᠂ ᠴᠦᠩᠴᠢᠩ᠂ ᠱᠠᠨ ᠰᠢ᠂ | ᠲᠢᠶᠠᠨᠵᠢᠨ᠂ ᠹᠦᠵᠢᠶᠠᠨ᠂ ᠾᠧᠪᠸᠢ᠂ ᠵᠢᠶᠠᠩᠰᠦ᠂ ᠯᠢᠶᠣᠤᠨᠢᠩ᠂ ᠥᠪᠥᠷ ᠮᠣᠩᠭᠤᠯ᠂ ᠱᠠᠩᠬᠠᠶ᠂ ᠶᠦᠨᠨᠠᠨ᠂ | ᠨᠢᠩᠰᠢᠶᠠ᠂ ᠬᠢᠷᠢᠨ᠂ ᠵᠢᠶᠠᠩᠰᠢ᠂ ᠰᠧᠴᠤᠸᠠᠨ ᠵᠡᠷᠭᠡ 19 ᠭᠠᠵᠠᠷ ᠣᠷᠤᠨ ᠶᠡᠭᠡ ᠳᠡᠭᠡᠳᠦ ᠰᠤᠷᠭᠠᠭᠤᠯᠢ ᠳᠤ | ᠳᠠᠪᠰᠢᠬᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠪᠢ ᠶᠢᠨ ᠪᠠᠷᠢᠮᠵᠢᠶ᠎ᠠ ᠶᠢ ᠨᠡᠶᠢᠲᠡᠯᠡᠵᠡᠢ᠃ ︵ᠵᠢᠷᠤᠭ︶ | ᠰᠤᠷᠤᠭᠴᠢᠳ ᠬᠤᠪᠢ ᠶᠢᠨ ᠨᠢᠭᠤᠴᠠ ᠪᠠᠨ ᠬᠠᠮᠠᠭᠠᠯᠠ︕ ᠡᠳᠡᠭᠡᠷ ᠢ ᠢᠯᠡ ᠨᠡᠶᠢᠲᠡᠯᠡᠵᠤ ᠪᠣᠯᠬᠤ ᠦᠭᠡᠢ᠃ | 1᠂ ᠰᠢᠯᠭᠠᠭᠤᠯᠬᠤ ᠦᠨᠡᠮᠯᠡᠯ | ᠬᠡᠷᠪᠡ ᠰᠢᠯᠭᠠᠭᠤᠯᠬᠤ ᠦᠨᠡᠮᠯᠡᠯ ᠢᠶᠠᠨ ᠨᠠᠶᠢᠵᠠ ᠶᠢᠨ ᠲᠣᠭᠤᠷᠢᠭ ᠲᠤ ᠨᠡᠶᠢᠲᠡᠯᠡᠪᠡᠯ ᠪᠡᠶ᠎ᠡ ᠶᠢᠨ ᠦᠨᠡᠮᠯᠡᠯ ᠤᠨ ᠨᠣᠮᠧᠷ | ᠵᠡᠷᠭᠡ ᠴᠢᠬᠤᠯᠠ ᠮᠡᠳᠡᠭᠡ ᠵᠠᠩᠭᠢ ᠮᠠᠰᠢ ᠠᠮᠠᠷᠬᠠᠨ ᠬᠠᠭᠤᠯᠪᠤᠷᠢᠯᠠᠭᠳᠠᠨᠠ᠃ | 2. ᠬᠢᠷᠢ ᠪᠦᠲᠦᠮᠵᠢ ᠶᠢᠨ ᠬᠠᠭᠤᠳᠠᠰᠤ ᠪᠤᠶᠤ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠬᠠᠭᠤᠳᠠᠰᠤ | ᠡᠨᠡ ᠲᠥᠷᠥᠯ ᠤᠨ ᠬᠡᠷᠡᠯ ᠵᠢᠷᠤᠭ ᠨᠢ ᠰᠢᠯᠭᠠᠭᠤᠯᠤᠭᠰᠠᠳ ᠤᠨ ᠨᠣᠮᠧᠷ᠂ ᠣᠪᠣᠭ ᠨᠡᠷ᠎ᠡ ᠵᠡᠷᠭᠡ ᠨᠢᠭᠤᠴᠠ ᠴᠢᠮᠡᠭᠡ | ᠵᠠᠩᠭᠢ ᠶᠢ ᠵᠠᠳᠠᠷᠠᠭᠤᠯᠬᠤ ᠪᠣᠯᠣᠨ᠎ᠠ᠃ | 3. ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠬᠦ ᠡᠷᠡᠮᠡᠯᠵᠡᠯ ᠤᠨ ᠬᠦᠰᠦᠨᠦᠭᠲᠦ | ᠡᠯᠧᠺᠲᠷᠣᠨ ᠬᠡᠪᠯᠡᠯ ᠪᠤᠶᠤ ᠴᠠᠭᠠᠰᠤᠨ ᠬᠡᠪᠯᠡᠯ ᠤᠨ ᠡᠷᠡᠮᠡᠯᠵᠡᠯ ᠲᠠᠭᠯᠠᠭᠰᠠᠨ ᠬᠦᠰᠦᠨᠦᠭᠲᠦ ᠪᠠᠨ ᠢᠯᠡ ᠨᠡᠶᠢᠲᠡᠯᠡᠵᠤ | ᠪᠣᠯᠬᠤ ᠥᠬᠡᠶ᠃ | 4. ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ ᠤᠨ ᠪᠢᠴᠢᠭ | ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ ᠤᠨ ᠪᠢᠴᠢᠭ ᠢ ᠢᠯᠡ ᠨᠡᠶᠢᠲᠡᠯᠡᠵᠦ ᠪᠣᠯᠬᠤ ᠦᠭᠡᠢ᠃ | ᠣᠪᠣᠭ ᠨᠡᠷ᠎ᠡ᠂ ᠪᠡᠶ᠎ᠡ ᠶᠢᠨ ᠦᠨᠡᠮᠯᠡᠯ᠂ ᠰᠢᠯᠭᠠᠭᠤᠯᠬᠤ ᠦᠨᠡᠮᠯᠡᠯ ᠤᠨ ᠨᠣᠮᠧᠷ ᠵᠡᠷᠭᠡ ᠮᠡᠳᠡᠭᠡ ᠵᠠᠩᠭᠢ ᠶᠢ | ᠠᠮᠠᠷᠬᠠᠨ ᠵᠠᠳᠠᠷᠠᠭᠤᠯᠬᠤ ᠪᠣᠯᠣᠨ᠎ᠠ᠃ |