ᠦᠴᠦᠸᠠᠨ ᠰᠢᠶᠠᠨ ᠳᠤᠯᠠᠭᠠᠯᠭ᠎ᠠ ᠶᠢᠨ ᠬᠤᠭᠤᠯᠠᠢ ᠶᠢᠨ ᠲᠣᠣᠷ ᠢ ᠵᠠᠪᠳᠤᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2023/6/28
      ᠳᠤᠯᠠᠭᠠᠯᠭ᠎ᠠ ᠶᠢᠨ ᠰᠢᠰᠲ᠋ᠧᠮ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠳᠤᠯᠠᠭᠠᠯᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 26 ᠤ ᠡᠳᠦᠷ᠂ ᠦᠴᠦᠸᠠᠨ ᠰᠢᠶᠠᠨ ᠤ ᠪᠠᠢ ᠴᠤᠸᠠᠨ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠢ ᠱᠦᠢ ᠯᠦᠩ ᠴᠧᠩ ᠵᠠᠮ ᠤᠨ ᠠᠭᠤᠯᠵᠠᠷ ᠲᠤ ᠳᠤᠯᠠᠭᠠᠯᠭ᠎ᠠ ᠶᠢᠨ ᠬᠤᠭᠤᠯᠠᠢ ᠶᠢᠨ ᠲᠣᠣᠷ ᠢ ᠵᠠᠪᠳᠤᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠲᠣᠰ ᠤᠳᠠᠭᠠᠨ ᠤ ᠰᠣᠷᠢᠯᠲᠠ ᠶᠢ ᠪᠢ ᠱᠦᠢ ᠯᠦᠩ ᠴᠧᠩ ᠵᠠᠮ ᠤᠨ ᠠᠭᠤᠯᠵᠠᠷ ᠲᠤ ᠬᠤᠶᠠᠷ ᠤᠳᠠᠭᠠᠨ ᠤ ᠢᠯᠴᠢ ᠬᠠᠩᠭᠠᠬᠤ ᠬᠤᠭᠤᠯᠠᠢ ᠭᠡᠨᠡᠳᠲᠡ ᠪᠠᠷ ᠬᠠᠭᠠᠷᠠᠭᠰᠠᠨ ᠢᠶᠠᠷ ᠠᠷᠤ ᠦᠵᠡᠭᠳᠡᠯ ᠪᠣᠯᠭᠠᠨ ᠶᠠᠪᠤᠭᠳᠠᠭᠤᠯᠵᠠᠢ᠃ ᠰᠣᠷᠢᠯᠲᠠ ᠶᠢᠨ ᠶᠠᠪᠤᠴᠠ ᠳᠤ᠂ ᠬᠤᠲᠠ ᠶᠢᠨ ᠠᠷᠠᠳ ᠤᠨ ᠤᠲᠠᠰᠤ ᠪᠠᠷ ᠢᠯᠡᠴᠢᠯᠡᠨ ᠮᠡᠳᠡᠭᠦᠯᠦᠭᠰᠡᠨ ᠢᠶᠠᠷ᠂ ᠪᠢ ᠱᠦᠢ ᠯᠦᠩ ᠴᠧᠩ ᠵᠠᠮ ᠤᠨ ᠠᠭᠤᠯᠵᠠᠷ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠯᠡᠪᠡᠷᠡᠭᠰᠡᠨ ᠰᠡᠵᠢᠭ ᠲᠠᠢ ᠪᠠᠶᠢᠵᠤ᠂ ᠬᠡᠰᠡᠭ ᠲᠣᠭᠤᠷᠢᠭ ᠤᠨ ᠬᠠᠷᠢᠭᠤᠴᠠᠯᠭᠠᠲᠠᠨ ᠯᠡᠪᠡᠷᠡᠭᠰᠡᠨ ᠭᠠᠵᠠᠷ ᠢ ᠣᠯᠵᠤ ᠮᠡᠳᠡᠭᠰᠡᠨ ᠤ ᠳᠠᠷᠠᠭ᠎ᠠ ᠲᠡᠷᠡ ᠳᠠᠷᠤᠢ ᠳᠤᠨᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠤ ᠮᠡᠳᠡᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠠᠷᠤᠢ ᠲᠦᠷᠭᠡᠨ ᠡᠯ᠎ᠡ ᠴᠡᠭ ᠤᠨ ᠬᠠᠷᠢᠭᠤᠴᠠᠯᠭᠠᠲᠠᠨ ᠳᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠭᠦᠯᠬᠦ ᠪᠠᠷ ᠮᠡᠳᠡᠭᠳᠡᠵᠦ᠂ ᠪᠠᠶᠢᠴᠠᠭᠠᠨ ᠵᠠᠰᠠᠬᠤ ᠳᠤᠭᠤᠶᠢᠯᠠᠩ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠭᠠᠳᠠᠭᠠᠳᠤ ᠯᠤᠭ᠎ᠠ ᠵᠣᠬᠢᠴᠠᠭᠤᠯᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠳᠤᠭᠤᠶᠢᠯᠠᠩ ᠤᠨ ᠠᠵᠢᠯᠲᠠᠨ ᠢ ᠲᠦᠷᠭᠡᠨ ᠪᠠᠶᠢᠷᠢᠨ ᠳᠤᠨᠢ ᠣᠷᠣᠭᠤᠯᠵᠤ᠂ ᠪᠠᠴᠢᠮ ᠪᠥᠭᠡᠳ ᠡᠮᠬᠢ ᠵᠢᠷᠤᠮ ᠲᠠᠢ ᠪᠠᠶᠢᠳᠠᠯ ᠤᠨ ᠳᠤᠮᠳᠠ ᠰᠣᠷᠢᠯᠲᠠ ᠶᠢ ᠶᠠᠪᠤᠭᠳᠠᠭᠤᠯᠵᠠᠢ᠃ ᠡᠴᠦᠰ ᠲᠡᠭᠡᠨ 1 ᠴᠠᠭ ᠰᠢᠬᠠᠮ ᠵᠠᠪᠳᠤᠨ ᠵᠠᠰᠠᠬᠤ ᠪᠠᠷ ᠳᠠᠮᠵᠢᠭᠠᠳ ᠢᠯᠴᠢ ᠶᠢᠨ ᠲᠣᠣᠷ ᠤᠨ ᠰᠢᠰᠲ᠋ᠧᠮ ᠬᠡᠪ ᠤᠨ ᠪᠠᠶᠢᠳᠠᠯ ᠳᠠᠭᠠᠨ ᠣᠷᠣᠪᠠ᠃      ᠰᠣᠷᠢᠯᠲᠠ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠳᠤᠮᠳᠠᠬᠢ ᠪᠠᠴᠢᠮ ᠪᠠᠶᠢᠳᠠᠯ ᠢ ᠠᠷᠭᠠᠴᠠᠬᠤ ᠬᠤᠷᠳᠤᠴᠠ ᠪᠠ ᠠᠵᠢᠯᠲᠠᠨ ᠤ ᠵᠣᠬᠢᠴᠠᠯᠳᠤᠯ ᠬᠠᠮᠵᠢᠯᠴᠠᠭ᠎ᠠ ᠵᠡᠷᠭᠡ ᠲᠠᠯ᠎ᠠ ᠪᠠᠷ ᠲᠣᠰ ᠲᠣᠰ ᠵᠠᠳᠠᠯᠤᠯᠲᠠ ᠦᠨᠡᠯᠡᠯᠲᠡ ᠬᠢᠵᠦ᠂ ᠰᠣᠷᠢᠯᠲᠠ ᠶᠢᠨ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号