ᠰᠢᠨ᠎ᠡ ᠡᠬᠢᠯᠡᠯᠲᠡ ᠶᠢᠨ ᠴᠡᠭ ᠳᠡᠭᠡᠷ᠎ᠡ ᠰᠠᠭᠤᠷᠢᠯᠠᠵᠤ᠂ ᠰᠢᠨ᠎ᠡ ᠠᠶᠠᠯᠠᠯ ᠢᠶᠠᠨ ᠡᠬᠢᠯᠡᠭᠦᠯᠦᠨ᠎ᠡ᠃ 6 | ᠰᠠᠷ᠎ᠠ ᠶᠢᠨ 26 ᠤ ᠡᠳᠦᠷ᠂ ᠦᠴᠦᠸᠠᠨ ᠰᠢᠶᠠᠨ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ | ᠠᠬᠤᠢ ᠶᠢᠨ ᠨᠠᠷᠠᠲᠤ ᠲᠡᠮᠳᠡᠭ ᠵᠢᠴᠢ ᠪᠠᠷᠢᠮᠵᠢᠶ᠎ᠠ ᠶᠢ ᠨᠡᠶᠢᠲᠡᠯᠡᠬᠦ ᠬᠤᠷᠠᠯ ᠬᠢᠪᠡ᠃ | | | | | ᠲᠤᠰ ᠤᠳᠠᠭᠠᠨ ᠤ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ | ᠠᠬᠤᠢ ᠶᠢᠨ ᠨᠡᠷᠡᠲᠦ ᠲᠡᠮᠳᠡᠭ ᠵᠢᠴᠢ ᠪᠠᠷᠢᠮᠵᠢᠶ᠎ᠠ ᠶᠢ ᠨᠡᠶᠢᠲᠡᠯᠡᠬᠦ ᠬᠤᠷᠠᠯ ᠨᠢ ᠦᠴᠦᠸᠠᠨ ᠰᠢᠶᠠᠨ ᠤ ᠥᠪᠡᠷᠮᠢᠴᠡ | ᠣᠨᠴᠠᠯᠢᠭ ᠪᠦᠬᠦᠢ ᠲᠠᠷᠢᠶᠠᠯᠠᠬᠤ ᠰᠣᠶᠣᠯ᠂ ᠣᠨᠴᠠᠯᠢᠭᠲᠤ ᠵᠠᠩ ᠦᠢᠯᠡ ᠪᠠ ᠲᠠᠷᠢᠶᠠᠯᠠᠩ ᠮᠠᠯ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢᠨ ᠠᠵᠤ ᠦᠢᠯᠡᠰ ᠤᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠶᠠᠰᠤ | ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠨᠠᠷᠠᠲᠤ | ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠠᠬᠢᠭᠤᠯᠵᠤ᠂ ᠦᠴᠦᠸᠠᠨ ᠰᠢᠶᠠᠨ ᠤ ᠴᠢᠨᠠᠷ ᠰᠠᠶᠢᠲᠠᠢ | ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠲᠠᠯ᠎ᠠ ᠪᠠᠷ᠂ ᠣᠯᠠᠨ ᠬᠦᠷᠢᠶ᠎ᠡ ᠴᠠᠷᠠᠭ᠎ᠠ ᠳᠤ ᠤᠬᠠᠭᠤᠯᠤᠨ ᠲᠠᠨᠢᠯᠴᠠᠭᠤᠯᠵᠤ | ᠂ ᠨᠡᠶᠢᠭᠡᠮ ᠤᠨ ᠡᠯ᠎ᠡ ᠡᠲᠡᠭᠡᠳ ᠲᠤ ᠦᠴᠦᠸᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠦᠷᠢ | ᠲᠥᠷᠬᠦ ᠪᠠ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠤᠯᠠᠮ ᠨᠢᠭᠡ | ᠠᠯᠬᠤᠮ ᠭᠦᠢᠴᠡᠳ ᠳᠡᠯᠭᠡᠨ ᠦᠵᠡᠭᠦᠯᠵᠦ᠂ ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠪᠣᠬᠢᠷᠲᠤᠯ ᠦᠭᠡᠢ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ | | | | | ᠦᠴᠦᠸᠠᠨ ᠰᠢᠶᠠᠨ ᠪᠣᠯ ᠲᠠᠷᠢᠶᠠᠯᠠᠩ ᠤᠨ ᠲᠣᠮᠣ ᠰᠢᠶᠠᠨ᠂ ᠥᠨᠢ ᠤᠳᠠᠭᠠᠨ ᠲᠠᠷᠢᠶᠠᠯᠠᠩ ᠤᠨ | ᠪᠣᠯᠪᠠᠰᠤᠨ ᠤ ᠲᠡᠦᠬᠡ ᠲᠠᠢ᠂ ᠲᠠᠷᠢᠶᠠᠯᠠᠩ ᠤᠨ ᠰᠣᠶᠣᠯ ᠡᠯᠪᠡᠭ ᠪᠠᠶᠠᠯᠢᠭ᠂ ᠰᠢᠶᠠᠨ ᠤ ᠬᠢᠯᠢ ᠨᠢ ᠲᠡᠯᠡᠶ ᠶᠢᠨ | ᠲᠦᠪᠰᠢᠨ ᠠᠴᠠ 1600 ︱ 2200 ᠮᠧᠲᠷ ᠡᠷᠭᠦᠭᠳᠡᠵᠦ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ | ᠨᠡᠷᠡᠨ ᠤ ᠲᠤᠰᠤᠯᠲᠠ ᠶᠢᠨ ᠴᠠᠭ ᠨᠢ ᠣᠷᠳᠣ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ | ᠡᠬᠢ ᠪᠠᠶᠠᠯᠢᠭ ᠨᠢ ᠥᠪᠡᠷᠮᠢᠴᠡ ᠳᠠᠪᠠᠭᠤᠯᠢᠭ ᠲᠠᠢ ᠪᠠᠶᠢᠵᠤ᠂ ᠨᠣᠬᠠᠢ ᠶᠢᠨ ᠬᠤᠰᠢᠭᠤ᠂ ᠲᠥᠮᠥᠰᠥ᠂ ᠰᠢᠯᠢᠮᠳᠡᠭ᠂ | ᠢᠳᠡᠰᠢᠨ ᠬᠤᠨᠢ ᠵᠡᠷᠭᠡ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠨᠢ | ᠥᠨᠳᠥᠷ᠂ ᠮᠠᠭᠲᠠᠭᠠᠯ ᠰᠠᠶᠢᠰᠢᠶᠠᠯ ᠢᠶᠠᠷ ᠰᠠᠶᠢᠨ᠂ ᠵᠠᠬ᠎ᠠ ᠳᠡᠯᠭᠡᠭᠦᠷ ᠨᠢ ᠥᠷᠭᠡᠨ ᠪᠠᠶᠢᠳᠠᠭ ᠪᠣᠯᠬᠤᠷ ᠨᠠᠷᠠᠲᠤ | ᠲᠡᠮᠳᠡᠭᠵᠢᠭᠦᠯᠬᠦ ᠪᠠ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠨᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠪᠠ ᠨᠠᠷᠠᠲᠤ ᠲᠡᠮᠳᠡᠭᠲᠦ ᠶᠢᠨ ᠦᠨ᠎ᠡ ᠥᠷᠲᠡᠭ ᠢ | ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ | | | | | ᠣᠶᠢᠷ᠎ᠠ ᠶᠢᠨ ᠵᠢᠯ ᠠᠴᠠ᠂ ᠦᠴᠦᠸᠠᠨ ᠰᠢᠶᠠᠨ ᠤ ᠬᠢᠨ ᠠᠵᠤ ᠦᠢᠯᠡᠰ ᠤᠨ ᠰᠠᠭᠤᠷᠢ ᠪᠣᠯᠣᠨ ᠡᠬᠢ | ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠲᠤ ᠨᠥᠯᠥᠭᠡᠯᠡᠬᠦ | ᠬᠦᠴᠦᠨ ᠲᠠᠢ ᠥᠨᠳᠦᠷᠯᠢᠭ ᠤᠨ ᠣᠨᠴᠠᠯᠢᠭᠲᠤ ᠮᠠᠯ ᠠᠵᠤ ᠠᠬᠤᠢ ᠶᠢᠨ ᠰᠠᠭᠤᠷᠢᠨ ᠭᠠᠵᠠᠷ ᠢ ᠪᠠᠶᠢᠭᠤᠯᠬᠤ | ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠪᠠᠷ | ᠭᠤᠣᠯᠳᠠᠯᠭ᠎ᠠ ᠪᠣᠯᠭᠠᠵᠤ᠂ ᠣᠳᠣᠬᠢᠴᠢᠯᠠᠯᠲᠠ ᠶᠢᠨ ᠴᠢᠭᠯᠡᠯ ᠢᠶᠠᠷ ᠦᠢᠯᠡᠳᠪᠦᠷᠢᠯᠡᠯ ᠢ ᠠᠳᠬᠤᠵᠤ᠂ ᠰᠢᠨ᠎ᠡ ᠶᠢ | ᠡᠭᠦᠳᠬᠦ ᠶᠢ ᠠᠳᠬᠤᠵᠤ᠂ ᠵᠠᠬ᠎ᠠ ᠳᠡᠯᠭᠡᠭᠦᠷ ᠢ ᠠᠳᠬᠤᠵᠤ᠂ ᠨᠠᠷᠠᠲᠤ ᠲᠡᠮᠳᠡᠭ ᠢ ᠠᠳᠬᠤᠵᠤ᠂ ᠪᠣᠬᠢᠷᠲᠤᠯ ᠦᠭᠡᠢ | ᠴᠢᠨᠠᠷ ᠰᠠᠶᠢᠲᠠᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠲᠦᠪᠰᠢᠨ ᠢ ᠴᠢᠷᠮᠠᠶᠢᠨ | ᠳᠡᠭᠡᠭᠰᠢᠯᠡᠭᠦᠯᠵᠡᠢ᠃ | ᠦᠴᠦᠸᠠᠨ ᠰᠢᠶᠠᠨ ᠤ ᠬᠢᠨ ᠲᠤᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢᠶᠠᠷ ᠰᠢᠨ᠎ᠡ ᠡᠬᠢᠯᠡᠯᠲᠡ | ᠪᠣᠯᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠪᠠᠷᠢᠮᠵᠢᠶ᠎ᠠ᠂ | ᠡᠳ᠋ᠰᠢᠭᠦᠯᠬᠦ ᠪᠠᠷᠢᠮᠵᠢᠶ᠎ᠠ᠂ ᠭᠦᠢᠯᠭᠡᠭᠡᠨ ᠤ ᠪᠠᠷᠢᠮᠵᠢᠶ᠎ᠠ ᠪᠠ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ | ᠤᠬᠤᠴᠢᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷᠲᠤᠯ ᠦᠭᠡᠢ᠂ ᠣᠷᠭᠠᠨᠢᠭ᠂ ᠭᠠᠵᠠᠷ ᠵᠦᠢ ᠶᠢᠨ | ᠢᠯᠡᠷᠭᠡᠶᠢᠯᠡᠯᠲᠤ ᠲᠡᠮᠳᠡᠭ ᠤᠨ ᠭᠡᠷᠡᠴᠢᠯᠡᠯ ᠪᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠨᠠᠷᠠᠲᠤ ᠲᠡᠮᠳᠡᠭ | ᠶᠢᠨ ᠤᠤᠯ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠨ᠂ ᠦᠴᠦᠸᠠᠨ ᠤ ᠥᠨᠳᠦᠷᠯᠢᠭ ᠤᠨ | ᠣᠨᠴᠠᠯᠢᠭᠲᠤ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠭᠡᠳᠦ ᠲᠠᠰ ᠤᠨ | ᠵᠠᠬ᠎ᠠ ᠳᠡᠯᠭᠡᠭᠦᠷ ᠲᠤ ᠣᠷᠣᠭᠤᠯᠵᠤ᠂ ᠨᠠᠩ ᠣᠯᠠᠨ ᠭᠡᠷ ᠪᠦᠯᠢ ᠳᠤ ᠣᠷᠣᠭᠤᠯᠵᠤ᠂ ᠦᠴᠦᠸᠠᠨ ᠤ ᠥᠨᠳᠦᠷᠯᠢᠭ ᠤᠨ | ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ᠂ ᠨᠡᠷ᠎ᠡ | ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠨᠠᠷᠠᠲᠤ ᠲᠡᠮᠳᠡᠭ ᠨᠡᠶᠢᠲᠡᠯᠡᠬᠦ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ | ᠯᠠᠶᠢᠢᠥᠸᠡᠢ ᠣᠯᠠᠨ ᠤᠯᠤᠰ ᠤᠨ ᠵᠢᠷᠤᠭ ᠲᠥᠯᠥᠪᠯᠡᠭᠡᠨ ᠤ ᠬᠦᠷᠢᠶᠡᠯᠡᠩ ᠵᠡᠷᠭᠡ ᠰᠠᠯᠠᠭ᠎ᠠ ᠮᠥᠴᠢᠷ ᠤᠨ | ᠤᠷᠢᠭᠳᠠᠭᠰᠠᠨ ᠬᠦᠨᠳᠦᠲᠦ ᠵᠣᠴᠢᠳ ᠦᠴᠦᠸᠠᠨ ᠰᠢᠶᠠᠨ ᠤ ᠥᠨᠳᠦᠷᠯᠢᠭ ᠤᠨ ᠴᠢᠨᠠᠷ ᠰᠠᠶᠢᠲᠠᠢ ᠲᠠᠷᠢᠶᠠᠯᠠᠩ ᠮᠠᠯ | ᠠᠵᠤ ᠠᠬᠤᠢ ᠶᠢᠨ ᠪᠦᠲᠦᠭᠡᠭᠳᠡᠬᠦᠨ ᠤ ᠰᠢᠯᠭᠠᠨ ᠪᠠᠶᠢᠴᠠᠭᠠᠯᠲᠠ᠂ ᠪᠠᠷᠢᠮᠵᠢᠶ᠎ᠠ᠂ ᠪᠣᠭᠤᠳᠠᠯ ᠪᠠᠭᠯᠠᠭ᠎ᠠ᠂ ᠰᠢᠮ᠎ᠡ | ᠲᠡᠵᠢᠭᠡᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | | | | | ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠤᠬᠠᠢ ᠶᠢᠨ ᠲᠠᠯᠠᠪᠠᠢ ᠳᠤ ᠪᠠᠰᠠ ᠦᠴᠦᠸᠠᠨ ᠰᠢᠶᠠᠨ ᠤ | ᠠᠩᠬᠠᠳᠠᠭᠴᠢ ᠪᠦᠯᠦᠭ ᠬᠡᠷᠡᠭᠯᠡᠭᠡᠨ ᠤ ᠲᠡᠮᠳᠡᠭ ᠣᠯᠣᠭᠰᠠᠨ ᠠᠵᠤ ᠠᠬᠤᠶᠢᠯᠠᠯ ᠳᠤ ᠫᠠᠶᠢᠰᠠ ᠣᠯᠭᠤᠵᠠᠢ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |